ᠸᠠᠩ ᠯᠢ ᠰᠢᠶᠠ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠢ ᠪᠣᠯᠭᠠᠵᠤ ᠦᠷ᠎ᠡ ᠪᠦᠲᠦᠮᠵᠢ ᠶᠢ ᠴᠢᠨᠠᠷ ᠰᠠᠶᠢᠲᠠᠢ ᠬᠥᠭᠵᠢᠯᠲᠡ ᠳᠡᠭᠡᠷ᠎ᠡ ᠦᠨᠡᠨ ᠬᠦ ᠢᠯᠡᠷᠡᠭᠦᠯᠬᠦ ᠬᠡᠷᠡ᠊
ᠨᠡᠶᠢᠲᠡᠯᠡᠭᠰᠡᠨ ᠴᠠᠭ᠄
2020-06-17
       ︵ᠰᠤᠷᠪᠤᠯᠵᠢᠯᠠᠭᠴᠢ ᠹᠧᠩ ᠶᠠᠨ ᠫᠢᠩ︶ 6 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠢ ᠪᠣᠯᠭᠠᠨ᠂ ᠨᠡᠩ ᠶᠡᠭᠡ ᠬᠥᠭᠵᠢᠯᠲᠡ ᠶᠢᠨ ᠰᠥᠰᠥ ᠵᠣᠷᠢᠭ ᠢᠶᠠᠷ ︽ᠬᠦᠴᠢᠷ ᠢ ᠲᠤᠭᠤᠯᠵᠤ︾᠂ ᠨᠡᠩ ᠶᠡᠭᠡ ᠬᠥᠭᠵᠢᠯᠲᠡ ᠶᠢᠨ ᠡᠷᠴᠢ ᠬᠦᠴᠦ ᠢᠶᠠᠷ ︽ᠲᠥᠷᠥᠯ ᠵᠦᠢᠯ ᠢ ᠠᠳᠬᠤᠵᠤ︾᠂ ᠨᠡᠩ ᠶᠡᠭᠡ  ᠬᠦᠴᠦᠯᠡᠴᠡ ᠪᠠᠷ ︽ᠣᠷᠴᠢᠨ ᠨᠥᠬᠦᠴᠡᠯ ᠢ ᠰᠢᠯᠢᠳᠡᠭᠵᠢᠭᠦᠯᠵᠦ︾᠂ ᠨᠡᠩ ᠪᠣᠳᠠᠲᠠᠢ ᠨᠡᠩ ᠨᠠᠷᠢᠯᠢᠭ ᠠᠷᠭ᠎ᠠ ᠬᠡᠮᠵᠢᠶ᠎ᠡ ᠪᠠᠷ ︽ᠰᠡᠷᠭᠡᠶᠢᠯᠡᠨ ᠡᠵᠡᠮᠳᠡᠬᠦ ᠶᠢ ᠠᠳᠬᠤᠵᠤ︾᠂ ᠪᠦᠬᠦ ᠣᠨ ᠤ ᠡᠭᠦᠷᠭᠡ ᠬᠠᠷᠠᠯᠲᠠ ᠶᠢ ᠪᠡᠶᠡᠯᠡᠭᠦᠯᠦᠨ᠂ ᠦᠷ᠎ᠡ ᠪᠦᠲᠦᠮᠵᠢ ᠶᠢ ᠴᠢᠨᠠᠷ ᠰᠠᠶᠢᠲᠠᠢ ᠬᠥᠭᠵᠢᠯᠲᠡ ᠳᠡᠭᠡᠷ᠎ᠡ ᠦᠨᠡᠨ ᠬᠦ  ᠢᠯᠡᠷᠡᠭᠦᠯᠬᠦ ᠬᠡᠷᠡᠭᠲᠡᠢ ᠭᠡᠪᠡ᠃      ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠤᠯᠤᠰ ᠤᠨ ᠥᠮᠴᠢᠯᠡᠯᠲᠦ ᠬᠥᠷᠥᠩᠭᠡ ᠶᠢᠨ ᠬᠠᠮᠢᠶᠠᠷᠤᠯᠲᠠ ᠵᠢᠴᠢ ᠥᠷᠢ ᠥᠭᠴᠡᠭᠡ ᠶᠢ ᠢᠯᠭᠠᠷᠠᠭᠤᠯᠬᠤ ᠵᠡᠷᠭᠡ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠣᠯᠠᠨ ᠲᠦᠮᠡᠨ ᠤ ᠬᠠᠨᠤᠮᠵᠢ ᠪᠠᠷ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠪᠠᠷᠢᠮᠵᠢᠶ᠎ᠠ ᠪᠣᠯᠭᠠᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠷᠠᠳ ᠲᠦᠮᠡᠨ ᠠᠴᠠ ᠠᠷᠭ᠎ᠠ ᠪᠣᠳᠣᠯᠭ᠎ᠠ ᠠᠰᠠᠭᠤᠨ᠂ ᠠᠷᠠᠳ ᠲᠦᠮᠡᠨ ᠠᠴᠠ ᠵᠠᠰᠠᠭ ᠤᠨ ᠤᠴᠢᠷ ᠢ ᠠᠰᠠᠭᠤᠨ᠂ ᠡᠯ᠎ᠡ ᠵᠦᠢᠯ ᠤᠨ ᠠᠵᠢᠯ ᠤᠨ ᠠᠷᠠᠳ ᠣᠯᠠᠨ ᠲᠦᠮᠡᠨ ᠤ ᠪᠠᠶᠢᠴᠠᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠪᠡ᠃     ᠸᠠᠩ ᠯᠢ ᠰᠢᠶᠠ ᠴᠢᠬᠤᠯᠠᠴᠢᠯᠠᠭᠰᠠᠨ ᠨᠢ᠂ ︽ᠵᠢᠷᠭᠤᠭ᠎ᠠ ᠶᠢ ᠲᠤᠭᠲᠠᠪᠤᠷᠢᠵᠢᠭᠤᠯᠬᠤ︾ ︽ᠵᠢᠷᠭᠤᠭ᠎ᠠ ᠶᠢ ᠪᠠᠳᠤᠯᠠᠬᠤ︾ ᠢ ᠨᠠᠶᠢᠳᠠᠪᠤᠷᠢᠵᠢᠭᠤᠯᠬᠤ ᠲᠤᠮᠳᠠ ᠰᠢᠨ᠎ᠡ ᠠᠷᠭ᠎ᠠ ᠰᠦᠪᠡᠭᠴᠢᠯᠡᠨ᠂ ᠰᠢᠨ᠎ᠡ ᠪᠣᠳᠤᠯᠭ᠎ᠠ ᠭᠠᠷᠭᠠᠵᠤ᠂ ᠠᠵᠤ ᠠᠬᠤᠶᠢᠯᠠᠯ ᠤᠨ ᠬᠦᠭᠵᠢᠯᠲᠡ ᠲᠤᠮᠳᠠᠬᠢ ᠬᠦᠴᠢᠷᠳᠡᠯ᠂ ᠬᠠᠷᠰᠢ ᠰᠠᠭᠠᠳ ᠢ ᠢᠳᠡᠪᠬᠢᠳᠡᠢ ᠰᠢᠢᠳᠪᠦᠷᠢᠯᠡᠨ᠂ ᠲᠡᠷᠢᠭᠦᠨ ᠤ ᠪᠠᠷᠢᠮᠵᠢᠶ᠎ᠠ ᠪᠠᠷ ᠪᠠᠷᠢᠮᠵᠢᠶᠠᠯᠠᠨ᠂ ᠲᠡᠷᠢᠬᠦᠨ ᠤ ᠬᠠᠷᠠᠯᠲᠠ ᠶᠢ ᠲᠤᠭᠲᠠᠭᠠᠵᠤ᠂ ᠲᠡᠷᠢᠬᠦᠨ ᠤ ᠤᠷᠴᠢᠨ ᠨᠦᠬᠦᠴᠡᠯ ᠢ ᠡᠭᠦᠳᠴᠦ᠂ ᠨᠡᠭᠡᠭᠡᠯᠲᠡ ᠶᠢᠨ ᠲᠤᠭᠤᠷᠢᠭ ᠤᠨ ᠵᠠᠰᠠᠭ ᠤᠨ ᠶᠠᠪᠤᠳᠠᠯ ᠤᠨ ᠤᠷᠴᠢᠨ ᠨᠦᠬᠦᠴᠡᠯ᠂ ᠬᠤᠳᠠᠯᠳᠤᠭ᠎ᠠ ᠡᠵᠡᠩᠨᠡᠬᠦ  ᠣᠷᠴᠢᠨ ᠨᠦᠬᠦᠴᠡᠯ ᠢ ᠬᠤᠴᠤᠷᠤᠩᠭᠤᠢ ᠠᠴᠠ ᠲᠡᠷᠢᠭᠦᠨ ᠤ ᠪᠣᠯᠭᠠᠬᠤ ᠶᠢ ᠦᠨᠡᠨᠬᠦ ᠲᠦᠯᠬᠢᠨ ᠠᠬᠢᠭᠤᠯᠬᠤ ᠬᠡᠷᠡᠭᠳᠡᠢ᠃ ᠲᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠭᠠᠳᠠᠨ᠎ᠠ ᠪᠠᠨ ᠤᠷᠤᠵᠤ ᠢᠷᠡᠬᠦ ᠶᠢ ᠰᠡᠷᠭᠡᠶᠢᠯᠡᠨ᠂ ᠲᠤᠳᠤᠭᠠᠳᠤ ᠳᠤ ᠪᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ ᠠᠵᠢᠯ ᠢ ᠴᠢᠩᠭ᠎ᠠ ᠠᠴᠠ ᠴᠢᠩᠭ᠎ᠠ᠂ ᠲᠤᠯᠭᠠᠮ᠎ᠠ ᠠᠴᠠ ᠲᠤᠯᠭᠠᠮ᠎ᠠ ᠰᠠᠶᠢᠳᠤᠷ ᠬᠢᠵᠦ᠂ ᠬᠢᠯᠪᠠᠷ ᠪᠤᠰᠤ ᠪᠠᠷ ᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠳᠦᠮᠵᠢ ᠶᠢ ᠡᠷᠡᠰ ᠬᠠᠮᠠᠭᠠᠯᠠᠬᠤ ᠬᠡᠷᠡᠭᠳᠡᠢ ᠭᠡᠪᠡ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠨᠡᠭᠡᠭᠡᠯᠲᠡ ᠶᠢᠨ ᠲᠤᠭᠤᠷᠢᠭ ᠤᠨ ᠡᠯ᠎ᠡ ᠱᠠᠳᠤᠨ ᠤ ᠨᠠᠮ ᠤᠨ  ᠵᠣᠬᠢᠶᠠᠨ ᠪᠠᠶᠢᠭᠤᠯᠤᠯᠲᠠ ᠪᠠ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠬᠦᠴᠢᠷ ᠢ ᠲᠤᠭᠤᠯᠤᠨ᠂ ᠬᠠᠷᠢᠭᠤᠴᠠᠯᠭ᠎ᠠ ᠭᠦᠢᠴᠡᠳᠬᠡᠨ ᠬᠠᠷᠢᠭᠤᠴᠠᠯᠭ᠎ᠠ ᠡᠭᠦᠷᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠵᠢᠪ ᠵᠢᠩᠬᠢᠨᠢ ᠬᠦᠨᠵᠡᠭᠡᠢ ᠰᠤᠷᠤᠯᠴᠠᠵᠤ ᠨᠡᠪᠲᠡ ᠤᠶᠢᠯᠠᠭᠠᠨ᠂ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠳᠡᠢ ᠭᠡᠪᠡ᠃      ᠬᠤᠲᠠ ᠶᠢᠨ ᠤᠳᠤᠷᠢᠳᠤᠯᠭ᠎ᠠ ᠴᠠᠩ ᠫᠸᠢ ᠵᠦᠩ᠂ ᠦ᠋ ᠸᠧᠨ ᠮᠢᠩ᠂ ᠬᠦᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠤᠤ ᠳ᠋ᠦᠩ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号