ᠢᠯᠢ · ᠴᠡᠯᠡᠭᠡᠷ ᠲᠠᠯ᠎ᠠ ᠶᠢᠨ 30 ᠲᠦᠮᠡᠨ ᠰᠠᠭᠠᠯᠢ ᠶᠢᠨ ᠦᠨᠢᠶ᠎ᠡ ᠲᠡᠵᠢᠭᠡᠬᠦ ᠠᠮᠢ ᠠᠬᠤᠶ ᠶᠢᠨ ᠮᠠᠯᠵᠢᠯ ᠤᠨ ᠲᠠᠯᠠᠪᠠᠶ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠵᠢᠴᠢ ᠤᠯᠤᠰ ᠤᠨ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠭᠤᠤᠯ ᠰᠠᠭᠤᠷᠢᠨ ᠤ ᠪᠠᠷᠢᠯᠭ᠎ᠠ ᠶᠢᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2020-06-18
ᠪᠦ᠋ ᠰᠢᠶᠤᠤ ᠯᠢᠨ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠳ᠋ᠠᠢ ᠬᠤᠩ︶ 6 ᠰᠠᠷ᠎ᠠ  ᠶᠢᠨ 17 ᠤ ᠡᠳᠦᠷ᠂ ︽ᠢᠯᠢ ᠣᠲᠣ ᠦᠶ᠎ᠡ ᠶᠢᠨ ᠣᠶᠤᠨᠳᠦ ᠡᠷᠡᠭᠦᠯ ᠮᠡᠨᠳᠦ ᠶᠢᠨ ᠬᠦᠨᠳᠡᠢ︾ ᠶᠢᠨ ᠴᠢᠬᠤᠯᠠ ᠰᠦ ᠶᠢᠨ ᠢᠷᠡᠯᠲᠡ ᠶᠢᠨ ᠬᠥᠭᠵᠢᠯᠲᠡ ᠶᠢ ᠪᠠᠲᠤᠯᠠᠬᠤ ᠲᠥᠷᠥᠯ ᠵᠦᠢᠯ — ᠴᠡᠯᠡᠭᠡᠷ ᠲᠠᠯ᠎ᠠ ᠶᠢᠨ 30 ᠲᠦᠮᠡᠨ ᠰᠠᠭᠠᠯᠢ ᠶᠢᠨ ᠦᠨᠢᠶ᠎ᠡ ᠲᠡᠵᠢᠭᠡᠬᠦ ᠠᠮᠢ ᠠᠬᠤᠶ ᠶᠢᠨ ᠮᠠᠯᠵᠢᠯ ᠤᠨ ᠲᠠᠯᠠᠪᠠᠶ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠵᠢᠴᠢ ᠤᠯᠤᠰ ᠤᠨ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠭᠤᠤᠯ ᠰᠠᠭᠤᠷᠢᠨ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ ᠪᠠᠷᠢᠯᠭ᠎ᠠ ᠡᠬᠢᠯᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠡᠸᠤ ᠶᠠᠩ ᠰᠢᠶᠤᠤ ᠬᠤᠶ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠥᠷᠥᠯ ᠵᠦᠢᠯ ᠳᠤ ᠰᠠᠭᠤᠷᠢ ᠲᠠᠯᠪᠢᠪᠠ᠃      ᠠᠶ ᠯᠢ ᠬᠤᠸᠠ ᠲᠥᠷᠥᠯ ᠵᠦᠢᠯ ᠤᠨ ᠪᠠᠷᠢᠯᠭ᠎ᠠ ᠡᠬᠢᠯᠡᠭᠰᠡᠨ ᠢ ᠵᠠᠷᠯᠠᠪᠠ᠃ ᠬᠥᠬᠡᠬᠤᠲᠠ ᠪᠤᠯᠤᠨ ᠢᠯᠢ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠠᠷ ᠤᠨ ᠦᠭᠡ ᠬᠡᠯᠡᠵᠡᠢ᠃      ᠢᠯᠢ · ᠴᠡᠯᠡᠭᠡᠷ ᠲᠠᠯ᠎ᠠ ᠶᠢᠨ 30 ᠲᠦᠮᠡᠨ ᠰᠠᠭᠠᠯᠢ ᠶᠢᠨ ᠦᠨᠢᠶ᠎ᠡ ᠲᠡᠵᠢᠭᠡᠬᠦ ᠠᠮᠢ ᠠᠬᠤᠶ ᠶᠢᠨ ᠮᠠᠯᠵᠢᠯ ᠤᠨ ᠲᠠᠯᠠᠪᠠᠶ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠪᠣᠯ ᠬᠥᠬᠡᠬᠤᠲᠠ ᠶᠢᠨ ᠬᠢᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠰᠦ ᠶᠢᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠂ ᠲᠥᠷᠥᠯ ᠵᠦᠢᠯ ᠢ ᠪᠠᠶᠢᠭᠤᠯᠵᠥ ᠳᠠᠭᠤᠰᠬᠠᠬᠰᠠᠨ ᠤ ᠳᠠᠷᠠᠭ᠎ᠠ ︽ᠢᠯᠢ ᠣᠳᠣ ᠦᠶ᠎ᠡ ᠶᠢᠨ ᠣᠶᠤᠨᠳᠦ ᠡᠷᠡᠭᠦᠯ ᠮᠡᠨᠳᠦ ᠶᠢᠨ ᠬᠦᠨᠳᠡᠢ︾ ᠶᠢᠨ 6500 ᠲᠣᠨ ᠤ ᠦᠢᠯᠡᠳᠪᠦᠷᠢᠯᠡᠯ ᠤᠨ ᠴᠢᠳᠠᠪᠤᠷᠢ ᠶᠢᠨ ᠬᠡᠷᠡᠭᠴᠡᠭᠡ ᠶᠢ ᠬᠠᠩᠭᠠᠬᠤ ᠪᠣᠯᠣᠨ᠎ᠠ᠂ ᠲᠦᠷᠦᠭᠦᠤ ᠪᠦᠯᠦᠭ ᠤᠨ ᠪᠠᠷᠢᠯᠭ᠎ᠠ ᠡᠬᠢᠯᠡᠬᠦᠯᠦᠨ ᠪᠦᠳᠦᠬᠡᠨ ᠪᠠᠶᠢᠭᠤᠯᠵᠦ ᠪᠠᠶᠢᠭ᠎ᠠ ᠮᠠᠯᠵᠢᠯ ᠤᠨ ᠲᠠᠯᠠᠪᠠᠶ ᠨᠢ ᠲᠦᠮᠡᠳ ᠵᠡᠭᠦᠨ ᠬᠤᠰᠢᠭᠤ ᠪᠤᠯᠤᠨ ᠴᠢᠩ ᠱᠦᠶ ᠾᠧ ᠰᠢᠶᠠᠨ ᠳᠤ ᠲᠥᠪᠯᠡᠷᠡᠵᠤ ᠪᠤᠢ᠃ ᠲᠤᠰ ᠲᠥᠷᠥᠯ ᠵᠦᠢᠯ ᠲᠠᠢ ᠢᠵᠢ ᠪᠦᠷᠢᠳᠦᠭᠰᠡᠨ ᠤᠯᠤᠰ ᠤᠨ ᠰᠠᠭᠠᠯᠢ ᠶᠢᠨ ᠦᠨᠢᠶᠡᠨ ᠤ ᠡᠬᠦᠯᠳᠡᠷ ᠪᠤᠶᠢᠵᠢᠭᠤᠯᠬᠤ ᠭᠤᠤᠯ ᠰᠠᠭᠤᠷᠢᠨ ᠪᠣᠯ ᠣᠳᠣᠬᠠᠨ ᠤ ᠤᠯᠤᠰ ᠤᠨ ᠳᠣᠲᠣᠭᠠᠳᠤᠬᠢ ᠲᠥᠯᠥᠪᠵᠢᠭᠦᠯᠵᠤ ᠪᠦᠲᠦᠭᠡᠨ ᠪᠠᠶᠢᠭᠤᠯᠬᠤ ᠬᠡᠪᠴᠢᠶ᠎ᠡ ᠪᠠᠷ ᠬᠠᠮᠤᠭ ᠤᠨ ᠶᠡᠭᠡ ᠰᠠᠭᠠᠯᠢ ᠶᠢᠨ ᠦᠨᠢᠶᠡᠨ ᠤ ᠡᠬᠦᠯᠳᠡᠷ ᠪᠤᠶᠢᠵᠢᠭᠤᠯᠬᠤ ᠰᠠᠭᠤᠷᠢᠨ ᠪᠠᠶᠢᠵᠤ᠂ ᠳᠡᠯᠡᠬᠡᠶ ᠶᠢᠨ ᠲᠡᠷᠢᠭᠦᠨ ᠲᠡᠰ ᠤᠨ ᠥᠨᠳᠥᠷ ᠪᠠᠷᠢᠮᠵᠢᠶᠠᠲᠤ ᠰᠠᠭᠠᠯᠢ ᠶᠢᠨ ᠦᠨᠢᠶ᠎ᠡ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠤᠨ ᠰᠢᠰᠲ᠋ᠧᠮ ᠪᠤᠯᠤᠨ ᠲᠠᠪᠴᠠᠩ ᠢ ᠪᠠᠶᠢᠭᠤᠯᠵᠤ᠂ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠵᠢᠯ ᠪᠦᠷᠢ 500 ᠭᠠᠷᠤᠢ ᠰᠢᠯᠢᠳᠡᠭ ᠡᠭᠦᠯᠳᠡᠷ ᠤᠨ ᠪᠤᠬ᠎ᠠ ᠪᠤᠶᠢᠵᠢᠭᠤᠯᠵᠤ᠂ ᠮᠠᠨ ᠤ ᠤᠯᠤᠰ ᠤᠨ ᠰᠠᠭᠠᠯᠢ ᠶᠢᠨ ᠦᠨᠢᠶᠡᠨ ᠤ ᠦᠷ᠎ᠡ ᠶᠢᠨ ᠦᠢᠯᠡᠰ ᠤᠨ ᠭᠤᠤᠯᠯᠠᠬᠤ ᠥᠷᠢᠰᠥᠯᠳᠦᠬᠦ ᠬᠦᠴᠦᠨ ᠪᠣᠯᠤᠨ ᠳᠡᠯᠡᠬᠡᠶ ᠳ᠋ᠠᠬᠢᠨ ᠤ ᠨᠥᠯᠥᠭᠡᠯᠡᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠣᠯᠣᠨ᠎ᠠ᠃      ᠲᠤᠰ ᠡᠳᠦᠷ ᠪᠠᠰᠠ ᠢᠯᠢ ᠪᠦᠯᠦᠭᠯᠡᠯ ᠤᠨ ᠲᠦᠮᠡᠳ ᠵᠡᠭᠦᠨ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠬᠦ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号