︵ᠰᠤᠷᠪᠤᠯᠵᠢᠯᠠᠭᠴᠢ ᠸᠠᠩ ᠵᠦᠩ ᠵᠸᠦ︶ 6 ᠳ᠋ᠤᠭᠠᠷ ᠰᠠᠷ᠎ᠠ ᠶᠢᠨ 17 ᠤ ᠡᠳᠦᠷ᠂ ᠪᠦᠬᠦ ᠣᠷᠣᠨ ᠤ ︽ | ᠤᠯᠠᠭᠠᠨᠮᠥ᠋ᠴᠢᠷ ᠤᠨ ᠰᠠᠷ᠎ᠠ᠂ ᠠᠯᠢᠪᠠ ᠪᠦᠬᠦᠨ ᠠᠷᠠᠳ ᠲᠦᠮᠡᠨ ᠤ ᠲᠥᠯᠥᠭᠡ︾ ᠰᠡᠳᠦᠪᠲᠦ ᠬᠤᠪᠢᠶᠠᠷᠢ | ᠲᠠᠯᠠᠪᠠᠢ ᠶᠢᠨ ᠠᠵᠢᠯᠯᠠᠭ᠎ᠠ ᠲᠣᠭᠲᠠᠬᠤ ᠰᠢᠶᠠᠨ ᠤ ᠪᠧᠢ ᠪᠠᠨ ᠴᠢᠦ ᠰᠣᠶᠣᠯ ᠤᠨ ᠬᠦᠷᠢᠶᠡᠯᠡᠩ ᠳᠤ ᠶᠠᠪᠤᠭᠳᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ | ᠥᠪᠡᠷᠲᠡᠭᠡᠨ ᠵᠠᠰᠠᠬᠤ ᠣᠷᠣᠨ ᠤ ᠺᠢᠨᠤ᠋ ᠲᠣᠪᠴᠢᠶ᠎ᠠ ᠶᠢᠨ ᠳᠠᠷᠤᠭ᠎ᠠ ᠦᠨᠡᠨᠴᠢ᠂ ᠬᠤᠲᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠶᠢᠨ ᠫᠢᠩ ᠬᠤᠪᠢᠶᠠᠷᠢ ᠲᠠᠯᠠᠪᠠᠢ ᠶᠢᠨ | ᠠᠵᠢᠯᠯᠠᠭ᠎ᠠ ᠳᠤ ᠣᠷᠣᠯᠴᠠᠪᠠ᠃ | ᠪᠦᠬᠦ ᠣᠷᠣᠨ ᠤ ︽ᠤᠯᠠᠭᠠᠨᠮᠥ᠋ᠴᠢᠷ ᠤᠨ ᠰᠠᠷ᠎ᠠ · ᠠᠯᠢᠪᠠ ᠪᠦᠬᠦᠨ ᠠᠷᠠᠳ ᠲᠦᠮᠡᠨ ᠤ ᠲᠥᠯᠥᠭᠡ︾ | ᠰᠡᠳᠦᠪᠲᠦ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ | ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ ᠬᠠᠮᠲᠤᠷᠠᠨ ᠡᠷᠬᠢᠯᠡᠵᠦ᠂ ᠰᠦᠯᠵᠢᠶᠡᠨ | ᠳᠡᠭᠡᠷ᠎ᠡ ᠪᠠ ᠰᠦᠯᠵᠢᠶᠡᠨ ᠤ ᠭᠠᠳᠠᠨ᠎ᠠ ᠶᠢ ᠤᠶᠠᠯᠳᠤᠭᠤᠯᠬᠤ ᠬᠡᠯᠪᠡᠷᠢ ᠪᠠᠷ ᠡᠷᠬᠢᠯᠡᠵᠡᠢ᠃ ᠲᠤᠰ ᠡᠳᠦᠷ ᠤᠨ | ᠠᠵᠢᠯᠯᠠᠭ᠎ᠠ ᠨᠢ ᠮᠠᠨ ᠤ ᠬᠤᠲᠠ ᠶᠢᠨ ᠲᠣᠭᠲᠠᠬᠤ ᠰᠢᠶᠠᠨ ᠳᠤ ᠶᠠᠪᠤᠭᠳᠠᠭᠰᠠᠨ ᠢᠶᠠᠷ ᠪᠠᠷᠠᠬᠤ ᠦᠭᠡᠢ᠂ ᠰᠥᠨᠢᠳ | ᠪᠠᠷᠠᠭᠤᠨ ᠬᠤᠰᠢᠭᠤ᠂ ᠳᠥᠷᠪᠡᠳ ᠬᠤᠰᠢᠭᠤ ᠵᠡᠷᠭᠡ ᠭᠠᠵᠠᠷ ᠢᠶᠠᠷ ᠶᠠᠪᠤᠭᠳᠠᠪᠠ᠃ | ᠲᠣᠭᠲᠠᠬᠤ ᠰᠢᠶᠠᠨ ᠤ ᠬᠤᠪᠢᠶᠠᠷᠢ ᠲᠠᠯᠠᠪᠠᠢ ᠶᠢᠨ ᠠᠵᠢᠯᠯᠠᠭ᠎ᠠ ᠳᠤ᠂ ᠤᠯᠠᠭᠠᠨᠮᠥ᠋ᠴᠢᠷ ᠠᠴᠠ ᠣᠯᠠᠨ | ᠲᠦᠮᠡᠨ ᠳᠤ ᠬᠤᠶᠠᠷ ᠬᠥᠮᠥᠨ ᠤ ᠡᠯᠭᠦᠭᠡ ᠵᠦᠴᠦᠭᠡ ︽ᠰᠠᠶᠢᠨ ᠲᠥᠷᠥ ᠶᠢᠨ ᠪᠣᠳᠣᠯᠭ᠎ᠠ ᠪᠢᠳᠠᠨ ᠢ ᠬᠥᠲᠥᠯᠥᠨ | ᠴᠢᠨᠡᠭᠡᠯᠢᠭ ᠲᠤ ᠬᠦᠷᠭᠡᠯ᠎ᠡ︾᠂ ᠳᠠᠭᠤᠤ ᠪᠦᠵᠢᠭ ︽ᠪᠢᠳ᠋ᠨ ᠪᠣᠯ ᠲᠠᠯ᠎ᠠ ᠨᠤᠲᠤᠭ ᠤᠨ ᠬᠥᠩᠭᠡᠨ ᠮᠣᠷᠢᠲᠤ ᠴᠡᠷᠢᠭ︾᠂ | ᠪᠥᠵᠢᠭ ︽ᠳᠤᠮᠳᠠᠳᠤ ᠶᠢᠨ ᠭᠡᠷ ᠣᠷᠣᠨ︾ ᠵᠡᠷᠭᠡ ᠠᠷᠪᠠᠭᠠᠳ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ︽ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠠᠷᠠᠳ ᠲᠦᠮᠡᠨ ᠤ ᠳᠤᠮᠳᠠ ᠤᠯᠠᠮᠵᠢᠯᠠᠬᠤ︾ ᠶᠡᠷᠦᠩᠬᠡᠶᠢᠯᠡᠭᠰᠡᠨ ᠰᠠᠶᠢᠨ | ᠳᠤᠷ᠎ᠠ ᠶᠢᠨ ᠦᠢᠯᠡᠴᠢᠯᠡᠭᠡᠨ ᠤ ᠪᠦᠯᠬᠦᠮ ᠠᠴᠠ ᠣᠯᠠᠨ ᠲᠦᠮᠡᠨ ᠳᠤ ᠡᠮᠴᠢᠯᠡᠭᠡ ᠴᠢᠭᠢᠷᠠᠭᠵᠢᠯ᠂ ᠰᠣᠶᠣᠯ ᠤᠨ | ᠵᠢᠯᠣᠭᠤᠳᠤᠯᠭ᠎ᠠ᠂ ᠰᠢᠨᠵᠢᠯᠡᠬᠦ ᠤᠬᠠᠭᠠᠨ ᠤ ᠲᠦᠭᠡᠮᠡᠯᠵᠢᠯ᠂ ᠡᠷᠡᠭᠦᠯ ᠬᠠᠮᠠᠭᠠᠯᠠᠯ ᠣᠷᠴᠢᠨ ᠲᠣᠭᠤᠷᠢᠨ ᠤ | ᠬᠠᠮᠠᠭᠠᠯᠠᠯᠲᠠ᠂ ᠬᠠᠤᠯᠢ ᠴᠠᠭᠠᠵᠠ ᠶᠢᠨ ᠯᠠᠪᠯᠠᠯᠲᠠ ᠵᠡᠷᠭᠡ ᠬᠠᠯᠠᠮᠵᠢ ᠶᠢᠨ ᠦᠢᠯᠡᠴᠢᠯᠡᠭᠡ ᠬᠦᠷᠭᠡᠪᠡ᠃ | ᠡᠨᠡ ᠤᠳᠠᠭᠠᠨ ᠤ ︽ᠤᠯᠠᠭᠠᠨᠮᠥ᠋ᠴᠢᠷ ᠤᠨ ᠰᠠᠷ᠎ᠠ︾ ᠶᠢᠨ ᠠᠵᠢᠯᠯᠠᠭ᠎ᠠ 7 ᠳ᠋ᠤᠭᠠᠷ ᠰᠠᠷ᠎ᠠ ᠶᠢᠨ ᠰᠡᠭᠦᠯᠴᠢ | ᠬᠦᠷᠲᠡᠯ᠎ᠡ ᠦᠷᠭᠦᠯᠵᠢᠯᠡᠵᠦ᠂ ᠠᠵᠢᠯᠯᠠᠭ᠎ᠠ ᠳᠤ ᠭᠤᠣᠯᠳᠠᠭᠤ ᠤᠯᠠᠭᠠᠨᠮᠥ᠋ᠴᠢᠷ ᠪᠠᠶᠢᠭᠤᠯᠤᠭᠳᠠᠭᠰᠠᠨ ᠡᠳᠦᠷ ᠤᠨ ᠭᠤᠣᠯ | ᠰᠡᠳᠦᠪᠲᠦ ᠠᠵᠢᠯᠯᠠᠭ᠎ᠠ᠂ ᠤᠯᠠᠭᠠᠨᠮᠥ᠋ᠴᠢᠷ ᠠᠴᠠ ᠶᠠᠳᠠᠭᠤ ᠠᠴᠠ ᠠᠩᠭᠢᠵᠢᠷᠠᠭᠤᠯᠬᠤ ᠳᠤ ᠲᠤᠰᠠᠯᠠᠬᠤ ᠭᠤᠣᠯ | ᠰᠡᠳᠦᠪᠲᠦ ᠠᠵᠢᠯᠯᠠᠭ᠎ᠠ᠂ ᠤᠯᠠᠭᠠᠨᠮᠥ᠋ᠴᠢᠷ ᠤᠨ ᠪᠠᠭ᠎ᠠ ᠳᠤᠭᠤᠶᠢᠯᠠᠩ ᠤᠨ ︽ᠵᠢᠷᠭᠤᠭ᠎ᠠ ᠳᠤ ᠬᠦᠷᠭᠡᠬᠦ︾ ᠲᠣᠭᠯᠠᠯᠲᠠ᠂ | ᠤᠯᠠᠭᠠᠨᠮᠥ᠋ᠴᠢᠷ ᠤᠨ ᠭᠠᠵᠠᠷ ᠠᠯᠤᠰᠯᠠᠨ ᠬᠠᠷᠢᠯᠴᠠᠨ ᠰᠤᠷᠤᠯᠴᠠᠬᠤ ᠲᠣᠭᠯᠠᠯᠲᠠ᠂ ᠤᠯᠠᠭᠠᠨᠮᠥ᠋ᠴᠢᠷ ᠠᠴᠠ ᠰᠣᠶᠣᠯ | ᠵᠢᠭᠤᠯᠴᠢᠯᠠᠯ ᠤᠨ ᠠᠭᠤᠰᠤᠯᠴᠠᠯ ᠢ ᠲᠤᠰᠠᠯᠠᠬᠤ ᠠᠵᠢᠯᠯᠠᠭ᠎ᠠ ᠵᠢᠴᠢ ︽ᠤᠯᠠᠭᠠᠨᠮᠥ᠋ᠴᠢᠷ ᠤᠨ ᠨᠢᠭᠡ ᠡᠳᠦᠷ︾ vlog | ᠳᠦᠷᠰᠦ ᠪᠢᠴᠢᠯᠭᠡ ᠶᠢᠨ ᠰᠦᠯᠵᠢᠶᠡᠨ ᠤ ᠲᠡᠮᠳᠡᠭᠯᠡᠯ ᠢ ᠰᠢᠩᠭᠡᠭᠡᠬᠦ ᠵᠡᠷᠭᠡ ᠠᠭᠤᠯᠭ᠎ᠠ ᠪᠠᠭᠲᠠᠨ᠎ᠠ᠃ ᠠᠵᠢᠯᠯᠠᠭ᠎ᠠ ᠨᠢ ︽ | ᠠᠷᠠᠳ ᠲᠦᠮᠡᠨ ᠢ ᠳᠡᠭᠡᠳᠦᠯᠡᠬᠦ︾ ᠥᠷᠲᠡᠭ ᠤᠨ ᠣᠶᠢᠯᠠᠭᠠᠭᠳᠠᠬᠤᠨ ᠢ ᠴᠠᠭ ᠢᠮᠠᠭᠲᠠ ᠦᠢᠯᠡᠳᠦᠯᠭᠡᠵᠢᠭᠦᠯᠵᠦ᠂ ᠨᠡᠩ | ᠰᠠᠶᠢᠨ ᠨᠡᠩ ᠰᠢᠯᠢᠳᠡᠭ ᠰᠣᠶᠣᠯ ᠤᠨ ᠪᠦᠲᠦᠭᠡᠭᠳᠡᠬᠦᠨ ᠢ ᠥᠷᠭᠡᠨ ᠣᠯᠠᠨ ᠠᠷᠠᠳ ᠲᠦᠮᠡᠨ ᠳᠤ ᠬᠦᠷᠭᠡᠵᠦ᠂ ᠪᠦᠬᠦ | ᠨᠡᠶᠢᠭᠡᠮ ᠳᠤ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠤᠯᠠᠮᠵᠢᠯᠠᠨ ᠪᠠᠳᠠᠷᠠᠭᠤᠯᠬᠤ ᠪᠠᠷ ᠴᠢᠷᠮᠠᠶᠢᠵᠠᠢ᠃ | |