ᠬᠡᠦᠬᠡᠳ ᠤᠳ ᠴᠡᠴᠡᠷᠯᠢᠭ ᠲᠡᠭᠡᠨ ᠪᠤᠴᠠᠯ᠎ᠠ
ᠨᠡᠶᠢᠲᠡᠯᠡᠭᠰᠡᠨ ᠴᠠᠭ᠄
2020-06-18
     ᠰᠠᠶᠢᠨ ᠳᠤᠷ᠎ᠠ ᠠᠴᠠ ᠪᠠᠨ ᠴᠡᠴᠡᠷᠯᠢᠭ ᠲᠤ ᠣᠷᠣᠬᠤ ᠵᠠᠷᠴᠢᠮ ᠢᠶᠠᠷ᠂ ᠮᠠᠨ ᠤ ᠬᠤᠲᠠ ᠶᠢᠨ ᠬᠡᠦᠬᠡᠳ ᠤᠨ ᠴᠡᠴᠡᠷᠯᠢᠭ ᠠᠯᠬᠤᠮ ᠠᠯᠬᠤᠮ ᠢᠶᠠᠷ ᠨᠡᠭᠡᠭᠡᠵᠦ ᠬᠢᠴᠢᠶᠡᠯ ᠢᠶᠠᠨ ᠰᠡᠷᠭᠦᠭᠡᠪᠡ᠃ 6 ᠳ᠋ᠤᠭᠠᠷ ᠰᠠᠷ᠎ᠠ ᠶᠢᠨ 16 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠤᠷᠪᠠᠳᠤᠭᠠᠷ ᠬᠡᠦᠬᠡᠳ ᠤᠨ ᠴᠡᠴᠡᠷᠯᠢᠭ ᠲᠤ ᠣᠯᠵᠤ ᠬᠠᠷᠠᠭᠰᠠᠨ ᠢᠶᠠᠷ᠂ ᠲᠤᠰ ᠡᠳᠦᠷ ᠴᠡᠴᠡᠷᠯᠢᠭ ᠵᠢᠩᠬᠢᠨᠢ ᠪᠠᠷ ᠨᠡᠭᠡᠭᠡᠵᠦ ᠬᠢᠴᠢᠶᠡᠯ ᠢᠶᠠᠨ  ᠰᠡᠷᠭᠦᠭᠡᠨ ᠪᠢᠴᠢᠬᠠᠨ ᠨᠥᠬᠦᠳ ᠤᠳ ᠤᠬᠠᠮᠰᠠᠷ ᠠᠴᠠ ᠪᠠᠨ ᠪᠡᠶ᠎ᠡ ᠶᠢᠨ ᠳᠤᠯᠠᠭᠠᠨ ᠢᠶᠠᠨ ᠬᠡᠮᠵᠢᠭᠦᠯᠦᠨ ᠨᠢᠭᠤᠷ ᠢᠶᠠᠨ ᠰᠢᠷᠪᠢᠭᠦᠯᠵᠦ᠂ ᠡᠮᠬᠢ ᠵᠢᠷᠤᠮ ᠲᠠᠢ ᠪᠠᠷ ᠴᠡᠴᠡᠷᠯᠢᠭ ᠲᠡᠭᠡᠨ ᠣᠷᠣᠵᠤ ᠪᠠᠶᠢᠪᠠ᠃ᠰᠤᠷᠪᠤᠯᠵᠢᠯᠠᠭᠴᠢ ᠰᠢᠦᠢ ᠲᠢᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号