ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ | ︽ᠬᠡᠷᠡᠭᠯᠡᠭᠡ ᠶᠢ ᠠᠬᠢᠭᠤᠯᠬᠤ ᠪᠠᠶᠢᠭᠤᠯᠤᠯ ᠤᠨ ᠲᠤᠭᠲᠠᠴᠠ ᠶᠢ ᠲᠡᠭᠦᠯᠳᠡᠷᠵᠢᠭᠦᠯᠵᠦ ᠰᠠᠭᠤᠭᠠᠯᠢ ᠠᠷᠠᠳ ᠤᠨ | ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠠᠯᠪᠠᠨ | ᠲᠠᠷᠬᠠᠭᠠᠭᠰᠠᠨ ﹇2018﹈ 42 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠪᠠ ︽ᠭᠦᠢᠯᠭᠡᠭᠡ ᠶᠢᠨ | ᠬᠥᠭᠵᠢᠯᠲᠡ ᠶᠢ ᠲᠦᠷᠭᠡᠳᠬᠡᠵᠦ ᠬᠤᠳᠠᠯᠳᠤᠭᠠᠨ ᠤ ᠬᠡᠷᠡᠭᠯᠡᠭᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ᠤᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠰᠥᠨᠢ ᠶᠢᠨ ᠠᠵᠤ ᠠᠬᠤᠢ ᠶᠢ ᠤᠯᠠᠮ ᠨᠢᠭᠡ ᠠᠯᠬᠤᠮ ᠬᠥᠭᠵᠢᠭᠦᠯᠵᠦ᠂ | ᠬᠡᠷᠡᠭᠯᠡᠭᠡ ᠶᠢᠨ ᠳᠠᠯᠳᠠ ᠬᠦᠴᠦᠨ ᠢ ᠠᠭᠤᠳᠠᠯᠤᠨ᠂ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠠᠷᠠᠳ ᠣᠯᠠᠨ ᠲᠦᠮᠡᠨ ᠤ ᠴᠢᠨᠠᠷᠵᠢᠭᠰᠠᠨ᠂ ᠣᠯᠠᠨ ᠡᠰᠢᠵᠢᠭᠰᠡᠨ᠂ | ᠳᠥᠲᠡᠴᠢᠯᠡᠭᠰᠡᠨ ᠬᠡᠷᠡᠭᠯᠡᠭᠡ ᠶᠢᠨ ᠱᠠᠭᠠᠷᠳᠠᠯᠭ᠎ᠠ ᠶᠢ ᠨᠡᠩ ᠰᠠᠶᠢᠨ ᠬᠠᠩᠭᠠᠬᠤ ᠶᠢᠨ ᠲᠤᠰᠠᠳᠠ᠂ ᠮᠠᠨ ᠤ ᠬᠤᠲᠠ ᠲᠤᠰ | ︽ᠵᠢᠯᠣᠭᠤᠳᠬᠤ ᠰᠠᠨᠠᠯ︾ ᠢ ᠲᠣᠭᠲᠠᠭᠠᠪᠠ᠃ | ᠬᠤᠶᠠᠷ᠂ ᠬᠠᠷᠠᠯᠲᠠ ᠡᠭᠦᠷᠭᠡ | ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠳᠣᠲᠣᠭᠠᠳᠤ | ᠬᠡᠷᠡᠭᠴᠡᠭᠡ ᠶᠢᠨ ᠳᠠᠯᠳᠠ ᠬᠦᠴᠦᠨ ᠢ ᠠᠭᠤᠳᠠᠯᠬᠤ᠂ ᠬᠡᠷᠡᠭᠯᠡᠭᠡ ᠶᠢ ᠲᠡᠰ ᠳᠡᠪᠰᠢᠭᠦᠯᠬᠦ᠂ ᠲᠥᠪ ᠬᠤᠲᠠ ᠶᠢᠨ ᠠᠵᠤ | ᠠᠬᠤᠢ ᠶᠢ ᠬᠥᠭᠵᠢᠭᠦᠯᠬᠦ ᠶᠡᠷᠦᠩᠬᠡᠢ ᠱᠠᠭᠠᠷᠳᠠᠯᠭ᠎ᠠ ᠳᠤ ᠰᠠᠭᠤᠷᠢᠯᠠᠨ᠂ ᠵᠠᠬ᠎ᠠ ᠳᠡᠯᠭᠡᠭᠦᠷ ᠢᠶᠠᠷ ᠤᠳᠤᠷᠢᠳᠤᠭᠤᠯᠵᠤ᠂ | ᠵᠠᠰᠠᠭ ᠤᠨ ᠣᠷᠳᠣᠨ ᠠᠴᠠ ᠬᠥᠲᠥᠯᠬᠦ ᠵᠠᠷᠴᠢᠮ ᠶᠣᠰᠣᠭᠠᠷ᠂ ᠴᠠᠭ ᠤᠨ ᠤᠷᠤᠰᠬᠠᠯ ᠢ ᠳᠠᠭᠠᠭᠰᠠᠨ ᠠᠮᠢᠵᠢᠷᠠᠯ ᠤᠨ | ᠬᠦᠴᠦᠨ ᠪᠦᠬᠦᠢ ᠬᠡᠯᠪᠡᠷᠢ ᠶᠢᠨ᠂ ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠤᠨ ᠬᠡᠯᠪᠡᠷᠢ ᠶᠢᠨ᠂ ᠠᠷᠠᠳ ᠲᠤ | ᠳᠥᠭᠦᠮ ᠦᠢᠯᠡᠴᠢᠯᠡᠭᠡᠨ ᠤ ᠬᠡᠯᠪᠡᠷᠢ ᠶᠢᠨ ᠵᠡᠷᠭᠡ ᠰᠥᠨᠢ ᠶᠢᠨ ᠠᠵᠤ ᠠᠬᠤᠢ ᠶᠢᠨ ᠪᠠᠶᠢᠳᠠᠯ ᠢ ᠴᠢᠷᠮᠠᠶᠢᠨ | ᠬᠥᠮᠥᠵᠢᠭᠦᠯᠦᠨ ᠬᠥᠭᠵᠢᠭᠦᠯᠵᠦ᠂ ᠰᠥᠨᠢ ᠶᠢᠨ ᠬᠡᠷᠡᠭᠯᠡᠭᠡ ᠶᠢᠨ ᠬᠠᠩᠭᠠᠯᠭ᠎ᠠ ᠶᠢ ᠳᠡᠭᠡᠭᠰᠢᠯᠡᠭᠦᠯᠦᠨ᠂ ᠨᠡᠭᠡᠭᠡᠯᠲᠡ ᠲᠠᠢ᠂ | ᠡᠮᠬᠢ ᠵᠢᠷᠤᠮ ᠲᠠᠢ᠂ ᠬᠥᠭᠵᠢᠶᠡᠨ ᠲᠠᠢ ᠰᠥᠨᠢ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ | ᠪᠣᠢ ᠪᠣᠯᠭᠠᠵᠤ᠂ ᠤᠯᠤᠰ ᠤᠨ ᠳᠣᠲᠣᠭᠠᠳᠤ ᠳᠠᠭᠠᠨ ᠨᠡᠯᠢᠶᠡᠳ ᠨᠡᠷ᠎ᠡ ᠠᠯᠳᠠᠷ ᠲᠠᠢ ︽ᠰᠥᠨᠢ ᠶᠢᠨ ᠬᠥᠬᠡ ᠬᠤᠲᠠ︾ | ᠶᠢᠨ ᠬᠡᠷᠡᠭᠯᠡᠭᠡ ᠶᠢᠨ ᠲᠥᠷᠥᠯ ᠲᠡᠮᠳᠡᠭᠲᠦ ᠶᠢ ᠴᠣᠭᠴᠠᠯᠠᠨ᠎ᠠ᠃ | ᠭᠤᠷᠪᠠᠨ ᠵᠢᠯ ᠣᠷᠴᠢᠮ ᠤᠨ ᠴᠠᠭ ᠬᠡᠷᠡᠭᠯᠡᠵᠦ ᠪᠠᠶᠢᠭᠠᠳ᠂ ᠡᠯ᠎ᠡ ᠭᠠᠵᠠᠷ ᠣᠷᠣᠨ ᠢᠶᠠᠷ ᠭᠤᠣᠯ ᠴᠣᠭᠴᠠ | ᠪᠣᠯᠭᠠᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠵᠤ᠂ ᠰᠠᠭᠤᠷᠢ ᠲᠥᠬᠦᠭᠡᠷᠦᠮᠵᠢ ᠶᠢ | ᠰᠠᠶᠢᠵᠢᠷᠠᠭᠤᠯᠵᠤ᠂ ᠢᠵᠢ ᠪᠦᠷᠢᠳᠦᠬᠦᠯᠬᠦ ᠦᠢᠯᠡᠴᠢᠯᠡᠭᠡ ᠶᠢ ᠪᠦᠷᠢᠨᠰᠢᠬᠦᠯᠵᠦ᠂ ᠬᠡᠷᠡᠭᠯᠡᠭᠡ ᠶᠢᠨ ᠲᠥᠷᠥᠯ | ᠲᠡᠮᠳᠡᠭᠲᠦ ᠶᠢ ᠲᠥᠪᠯᠡᠷᠡᠭᠦᠯᠵᠦ᠂ ᠬᠡᠷᠡᠭᠯᠡᠭᠡ ᠶᠢᠨ ᠡᠵᠡᠩᠨᠡᠯᠲᠡ ᠶᠢᠨ ᠪᠠᠶᠢᠳᠠᠯ ᠢ ᠬᠥᠮᠥᠵᠢᠭᠦᠯᠵᠦ᠂ ᠬᠡᠷᠡᠭᠯᠡᠭᠡ ᠶᠢᠨ | ᠦᠵᠡᠮᠵᠢ ᠪᠠᠶᠢᠳᠠᠯ ᠢ ᠪᠣᠢ ᠪᠣᠯᠭᠠᠬᠤ ᠪᠠᠷ ᠲᠠᠮᠵᠢᠭᠤᠯᠤᠨ᠂ ᠬᠤᠳᠠᠯᠳᠤᠭ᠎ᠠ᠂ ᠵᠢᠭᠤᠯᠴᠢᠯᠠᠯ᠂ ᠰᠣᠶᠣᠯ᠂ ᠪᠡᠶ᠎ᠡ ᠶᠢᠨ | ᠲᠠᠮᠢᠷ᠂ ᠢᠳᠡᠭᠡᠨ ᠤᠮᠳᠠᠭᠠᠨ᠂ ᠡᠷᠡᠭᠦᠯ ᠮᠡᠨᠳᠦ ᠵᠡᠷᠭᠡ ᠪᠠᠷ ᠲᠥᠯᠥᠭᠡᠯᠡᠭᠦᠯᠦᠭᠰᠡᠨ ᠦᠢᠯᠡᠴᠢᠯᠡᠭᠡ ᠶᠢᠨ ᠬᠡᠯᠪᠡᠷᠢ ᠶᠢᠨ | ᠬᠡᠷᠡᠭᠯᠡᠭᠡ ᠶᠢᠨ ᠠᠵᠤ ᠦᠢᠯᠡᠰ ᠢ ᠭᠤᠣᠯᠳᠠᠯᠭ᠎ᠠ ᠲᠠᠢ ᠬᠥᠮᠥᠵᠢᠭᠦᠯᠵᠦ᠂ ᠬᠤᠳᠠᠯᠳᠤᠭᠠᠨ ᠤ ᠭᠤᠣᠯ ᠣᠷᠣᠨ᠂ | ᠵᠢᠭᠤᠯᠴᠢᠯᠠᠯ ᠤᠨ ᠦᠵᠡᠮᠵᠢ ᠶᠢᠨ ᠣᠷᠣᠨ᠂ ᠲᠡᠦᠬᠡ ᠰᠣᠶᠣᠯ ᠤᠨ ᠵᠡᠭᠡᠯᠢ ᠭᠤᠳᠤᠮᠵᠢ ᠪᠠ ᠰᠣᠶᠣᠯ ᠪᠡᠶ᠎ᠡ ᠶᠢᠨ | ᠲᠠᠮᠢᠷ ᠤᠨ ᠴᠢᠳᠠᠮᠵᠢᠲᠤ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠨᠢᠭᠡ ᠪᠦᠯᠦᠭ ᠪᠠᠶᠢᠷᠢᠰᠢᠯ ᠢᠶᠠᠷ | ᠵᠣᠬᠢᠰᠲᠠᠢ᠂ ᠬᠠᠮᠢᠶᠠᠷᠤᠯᠲᠠ ᠨᠢ ᠵᠢᠷᠤᠮᠵᠢᠯ ᠲᠠᠢ᠂ ᠥᠪᠡᠷ ᠤᠨ ᠣᠨᠴᠠᠯᠢᠭ ᠲᠠᠢ᠂ ᠴᠢᠳᠠᠮᠵᠢ ᠪᠠᠷ ᠲᠡᠭᠦᠯᠳᠡᠷ ︽ | ᠰᠥᠨᠢ ᠶᠢᠨ ᠬᠥᠬᠡ ᠬᠤᠲᠠ︾ ᠶᠢᠨ ᠬᠡᠷᠡᠭᠯᠡᠭᠡ ᠶᠢᠨ ᠴᠢᠳᠠᠮᠵᠢ ᠶᠢᠨ ᠣᠷᠣᠨ ᠢ ᠪᠠᠶᠢᠭᠤᠯᠤᠨ᠂ ᠲᠥᠪ ᠬᠤᠲᠠ ᠶᠢᠨ | ᠰᠥᠨᠢ ᠶᠢᠨ ᠠᠵᠤ ᠠᠬᠤᠢ ᠶᠢᠨ ᠬᠡᠷᠡᠭᠯᠡᠭᠡ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠭᠤᠷᠪᠠ᠂ ᠭᠤᠣᠯ ᠠᠭᠤᠯᠭ᠎ᠠ | ︵ᠨᠢᠭᠡ︶ ᠰᠥᠨᠢ ᠶᠢᠨ ᠠᠵᠤ ᠠᠬᠤᠢ ᠶᠢᠨ ᠭᠠᠵᠠᠷ ᠤᠨ ᠲᠡᠮᠳᠡᠭ ᠪᠣᠯᠣᠭᠰᠠᠨ ᠴᠢᠳᠠᠮᠵᠢ ᠶᠢᠨ ᠣᠷᠣᠨ ᠢ | ᠪᠠᠶᠢᠭᠤᠯᠤᠨ᠎ᠠ᠃ ᠡᠯ᠎ᠡ ᠭᠠᠵᠠᠷ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠨᠳᠤᠰᠢ ᠳᠤᠨᠢ | ᠲᠣᠬᠢᠷᠠᠭᠤᠯᠤᠨ ᠵᠢᠯᠣᠭᠤᠳᠴᠤ᠂ ᠭᠠᠵᠠᠷ ᠣᠷᠣᠨ ᠳᠤᠨᠢ ᠲᠣᠬᠢᠷᠠᠭᠤᠯᠤᠨ ᠰᠥᠨᠢ ᠶᠢᠨ ᠠᠵᠤ ᠠᠬᠤᠢ ᠶᠢᠨ | ᠴᠢᠳᠠᠮᠵᠢ ᠶᠢᠨ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠡᠵᠡᠩᠨᠡᠯᠲᠡ ᠶᠢᠨ | ᠪᠠᠶᠢᠳᠠᠯ ᠤᠨᠬᠥ᠋ᠭᠵᠢᠯᠲᠡ ᠶᠢ ᠬᠥᠲᠥᠯᠬᠦ ᠠᠵᠢᠯ ᠢ ᠰᠠᠶᠢᠲᠤᠷ ᠬᠢᠵᠦ᠂ ᠬᠤᠳᠠᠯᠳᠤᠭᠠᠨ ᠤ ᠲᠣᠭᠤᠷᠢᠭ᠂ | ᠬᠤᠳᠠᠯᠳᠤᠭᠠᠨ ᠤ ᠣᠨᠴᠠᠯᠢᠭᠲᠤ ᠶᠠᠪᠠᠭᠠᠨ ᠵᠡᠭᠡᠯᠢ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ | ᠴᠣᠭᠴᠠ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠶᠣᠯ ᠪᠡᠶ᠎ᠡ ᠶᠢᠨ ᠲᠠᠮᠢᠷ ᠨᠠᠶᠢᠷ ᠨᠠᠭᠠᠳᠤᠮ ᠤᠨ | ᠭᠠᠵᠠᠷ ᠲᠤ ᠲᠦᠰᠢᠭᠯᠡᠨ ᠨᠢᠭᠡ ᠪᠦᠯᠦᠭ ︽ᠰᠥᠨᠢ ᠶᠢᠨ ᠬᠥᠬᠡ ᠬᠤᠲᠠ︾ ᠬᠡᠷᠡᠭᠯᠡᠭᠡ ᠶᠢᠨ ᠴᠢᠳᠠᠮᠵᠢ ᠶᠢᠨ ᠣᠷᠣᠨ ᠢ | ᠪᠠᠶᠢᠭᠤᠯᠤᠨ᠎ᠠ᠃ ᠬᠤᠲᠠ ᠶᠢᠨ ᠳᠥᠷᠪᠡᠨ ᠲᠣᠭᠤᠷᠢᠭ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠢᠨ ᠲᠤᠰ ᠪᠦᠷᠢ 1 -2 ᠡᠵᠡᠩᠨᠡᠯᠲᠡ ᠶᠢᠨ ᠪᠠᠶᠢᠳᠠᠯ ᠢᠶᠠᠷ ᠪᠠᠶᠠᠯᠢᠭ᠂ | ᠲᠥᠬᠦᠭᠡᠷᠦᠮᠵᠢ ᠪᠦᠷᠢᠨ ᠲᠡᠭᠦᠯᠳᠡᠷ᠂ ᠬᠡᠷᠡᠭᠯᠡᠭᠡ ᠲᠥᠪᠯᠡᠷᠡᠭᠰᠡᠨ ᠣᠷᠣᠨ ᠪᠦᠰᠡ ᠶᠢ ᠰᠣᠩᠭᠤᠨ᠂ ᠦᠷᠭᠦᠯᠵᠢ ᠶᠢᠨ | ᠴᠢᠨᠠᠷ ᠲᠠᠢ ᠪᠠᠷ ᠨᠠᠷᠢᠨ ᠨᠢᠮᠪᠠᠢ ᠬᠥᠮᠥᠵᠢᠭᠦᠯᠦᠨ᠂ ᠨᠢᠭᠡ ᠵᠢᠯ ᠳᠤ ᠦᠷ᠎ᠡ ᠪᠦᠲᠦᠮᠵᠢ ᠣᠯᠵᠤ᠂ ᠬᠤᠶᠠᠷ ᠵᠢᠯ ᠳᠤ | ᠬᠡᠪᠴᠢᠶᠡᠵᠢᠭᠦᠯᠵᠦ᠂ ᠭᠤᠷᠪᠠᠨ ᠵᠢᠯ ᠳᠤ ᠲᠥᠷᠥᠯ ᠲᠡᠮᠳᠡᠭᠲᠦ ᠶᠢ ᠪᠣᠢ ᠪᠣᠯᠭᠠᠨ᠎ᠠ᠃ ᠰᠥᠨᠢ ᠶᠢᠨ ᠠᠵᠤ ᠠᠬᠤᠢ ᠶᠢᠨ | ᠬᠡᠷᠡᠭᠯᠡᠭᠡ ᠶᠢᠨ ᠴᠢᠳᠠᠮᠵᠢ ᠶᠢᠨ ᠣᠷᠣᠨ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠥᠬᠡ ᠬᠤᠲᠠ ᠶᠢᠨ | ᠬᠠᠮᠤᠭ ᠤᠨ ᠭᠤᠶᠣ ᠤᠨᠴᠠᠯᠢᠭᠳᠤ ᠬᠤᠳᠠᠯᠳᠤᠭᠠᠨ ᠤ ᠶᠠᠪᠠᠭᠠᠨ ᠵᠡᠭᠡᠯᠢ᠂ ᠬᠠᠮᠤᠭ ᠤᠨ ᠬᠥᠭᠵᠢᠶᠡᠨ ᠲᠠᠢ ᠰᠥᠨᠢ ᠶᠢᠨ | ᠬᠤᠭᠤᠯᠠᠨ ᠰᠢᠷᠡᠭᠡ᠂ ᠬᠠᠮᠤᠭ ᠤᠨ ᠵᠢᠪᠬᠤᠭᠠᠲᠤ ᠦᠨᠳᠦᠰᠦᠲᠡᠨ ᠤ ᠳᠠᠭᠤᠤ ᠪᠥᠵᠢᠭ ᠵᠡᠷᠭᠡ ᠠᠮᠲᠠᠲᠤ ᠢᠳᠡᠭᠡᠨ | ᠰᠡᠯᠡᠭᠦᠴᠡᠯ ᠤᠨ ᠵᠠᠪᠠᠯ ᠬᠦᠷᠬᠦ ᠣᠷᠣᠨ ᠪᠣᠯᠭᠠᠨ ᠤᠬᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠢᠨ᠎ᠡ᠃ | ︵ᠬᠤᠶᠠᠷ︶ ᠳᠡᠭᠡᠳᠦ ᠲᠡᠰ ᠤᠨ ᠬᠡᠷᠡᠭᠯᠡᠭᠡᠨ ᠤ ᠲᠥᠷᠥᠯ ᠲᠡᠮᠳᠡᠭᠲᠦ ᠶᠢ ᠲᠥᠪᠯᠡᠷᠡᠭᠦᠯᠦᠨ᠎ᠡ᠃ | ᠬᠠᠭᠤᠴᠢᠨ ᠨᠡᠷᠡᠲᠦ᠂ ᠣᠷᠣᠨ ᠨᠤᠲᠤᠭ ᠤᠨ ᠣᠨᠴᠠᠯᠢᠭᠲᠤ ᠢᠳᠡᠭᠡᠨ ᠤᠮᠳᠠᠭᠠᠨ ᠤ ᠠᠵᠤ ᠠᠬᠤᠶᠢᠯᠠᠯ᠂ ᠪᠣᠳᠠᠰ ᠤᠨ | ᠪᠤᠰᠤ ᠰᠣᠶᠣᠯ ᠤᠨ ᠥᠪ ᠤᠨ ᠤᠯᠠᠮᠵᠢᠯᠠᠭᠴᠢ ᠰᠥᠨᠢ ᠶᠢᠨ ᠬᠡᠷᠡᠭᠯᠡᠭᠡᠨ ᠤ ᠴᠢᠳᠠᠮᠵᠢ ᠶᠢᠨ ᠣᠷᠣᠨ ᠳᠤ ᠴᠡᠭ ᠭᠠᠷᠭᠠᠨ | ᠳᠡᠯᠭᠡᠭᠦᠷ ᠨᠡᠭᠡᠭᠡᠬᠦ ᠶᠢ ᠳᠡᠮᠵᠢᠵᠤ᠂ ᠤᠯᠠᠮᠵᠢᠯᠠᠯᠲᠤ ᠤᠷ᠎ᠠ ᠮᠡᠷᠭᠡᠵᠢᠯ ᠢ ᠭᠠᠶᠢᠬᠠᠭᠤᠯᠬᠤ᠂ ᠰᠢᠨ᠎ᠡ ᠶᠢ ᠡᠭᠦᠳᠦᠭᠰᠡᠨ | ᠡᠵᠡᠩᠨᠡᠯᠲᠡ ᠶᠢᠨ ᠬᠡᠯᠪᠡᠷᠢ ᠪᠠᠷ ᠳᠠᠮᠵᠢᠨ ᠪᠦᠲᠦᠭᠡᠭᠳᠡᠬᠦᠨ ᠤ ᠣᠯᠠᠨ ᠳᠤ ᠮᠡᠳᠡᠷᠡᠭᠳᠡᠬᠦ ᠬᠡᠮᠵᠢᠶ᠎ᠡ ᠶᠢ ᠥᠷᠭᠡᠳᠬᠡᠨ᠂ | ᠲᠥᠷᠥᠯ ᠲᠡᠮᠳᠡᠭᠲᠦ ᠶᠢᠨ ᠦᠨ᠎ᠡ ᠥᠷᠲᠡᠭ ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠣᠯᠠᠨ | ᠤᠯᠤᠰ ᠤᠨ ᠴᠢᠨᠠᠷᠲᠠᠢ᠂ ᠪᠦᠬᠦ ᠤᠯᠤᠰ ᠤᠨ ᠴᠢᠨᠠᠷᠲᠠᠢ ᠪᠠ ᠣᠷᠣᠨ ᠪᠦᠰᠡ ᠶᠢᠨ ᠴᠢᠨᠠᠷᠲᠠᠢ ᠲᠥᠷᠥᠯ ᠲᠡᠮᠳᠡᠭᠲᠦ ᠶᠢᠨ | ᠠᠩᠬᠠᠨ ᠤ ᠳᠡᠯᠭᠡᠭᠦᠷ᠂ ᠬᠤᠰᠢᠭᠤᠴᠢ ᠳᠡᠯᠭᠡᠭᠦᠷ᠂ ᠪᠡᠶᠡᠴᠢᠯᠡᠨ ᠣᠶᠢᠯᠠᠭᠠᠬᠤ ᠳᠡᠯᠭᠡᠭᠦᠷ ᠢ ᠰᠥᠨᠢ ᠶᠢᠨ ᠬᠡᠷᠡᠭᠯᠡᠭᠡ ᠶᠢᠨ | ᠴᠢᠳᠠᠮᠵᠢ ᠶᠢᠨ ᠣᠷᠣᠨ ᠳᠤ ᠢᠳᠡᠪᠬᠢᠲᠡᠢ ᠲᠠᠲᠠᠨ ᠣᠷᠣᠭᠤᠯᠵᠤ ᠰᠢᠭᠤᠳ ᠪᠣᠷᠣᠯᠠᠭᠤᠯᠭ᠎ᠠ ᠶᠢᠨ ᠳᠡᠯᠭᠡᠭᠦᠷ | ᠨᠡᠭᠡᠭᠡᠯᠭᠡᠨ᠎ᠡ᠃ | ︵ᠭᠤᠷᠪᠠ︶ ︽ᠰᠥᠨᠢ ᠶᠢᠨ ᠬᠥᠬᠡ ᠬᠤᠲᠠ︾ ᠶᠢᠨ ᠬᠡᠷᠡᠭᠯᠡᠭᠡ ᠶᠢ ᠠᠬᠢᠭᠤᠯᠬᠤ ᠬᠦᠳᠡᠯᠭᠡᠭᠡᠨ ᠢ | ᠲᠥᠰᠥᠪᠯᠡᠨ᠎ᠡ᠃ ᠶᠡᠭᠡ ᠵᠣᠣ ᠶᠢᠨ ᠬᠤᠳᠠᠯᠳᠤᠭᠠᠨ ᠤ ᠣᠨᠴᠠᠯᠢᠭᠲᠤ ᠶᠠᠪᠠᠭᠠᠨ ᠵᠡᠭᠡᠯᠢ᠂ ᠳ᠋ᠠ ᠱᠧᠩ ᠺᠦᠢ | ᠰᠣᠶᠣᠯ ᠤᠨ ᠪᠦᠳᠦᠭᠡᠯᠲᠡ ᠶᠢᠨ ᠠᠵᠤ ᠦᠢᠯᠡᠰ ᠤᠨ ᠬᠦᠷᠢᠶᠡᠯᠡᠩ᠂ ᠱᠣᠣᠮᠠᠢ ᠠᠮᠲᠠᠲᠤ ᠢᠳᠡᠭᠡᠨ ᠤ ᠵᠡᠭᠡᠯᠢ᠂ ᠸᠠᠨ | ᠳ᠋ᠠ ᠶᠠᠪᠠᠭᠠᠨ ᠵᠡᠭᠡᠯᠢ ᠵᠡᠷᠭᠡ ᠣᠷᠣᠨ ᠪᠦᠰᠡ ᠳᠤ ᠰᠥᠨᠢ ᠳᠤᠮᠳᠠ ᠶᠢᠨ ᠠᠮᠲᠠᠲᠤ ᠢᠳᠡᠭᠡᠨ ᠤ ᠨᠠᠶᠢᠷ᠂ ᠳ᠋ᠧᠩ ᠤᠨ | ᠨᠠᠶᠢᠷ᠂ ᠰᠣᠶᠣᠯ ᠵᠢᠭᠤᠯᠴᠢᠯᠠᠯ ᠤᠨ ᠲᠣᠭᠯᠠᠯᠲᠠ ᠵᠡᠷᠭᠡ ᠰᠥᠨᠢ ᠪᠠᠷ ᠰᠡᠳᠦᠪᠯᠡᠭᠰᠡᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠬᠥᠭᠵᠢᠯᠲᠡ ᠶᠢᠨ ᠰᠠᠭᠤᠷᠢ ᠪᠠᠷ ᠰᠠᠶᠢᠨ᠂ ᠬᠠᠮᠢᠶᠠᠷᠤᠯᠲᠠ ᠶᠢᠨ ᠬᠢᠷᠢ ᠲᠦᠪᠰᠢᠨ ᠢᠶᠠᠷ | ᠥᠨᠳᠥᠷ ᠰᠥᠨᠢ ᠶᠢᠨ ᠠᠮᠢᠳᠤᠷᠠᠯ ᠤᠨ ᠲᠥᠪᠯᠡᠷᠡᠭᠰᠡᠨ ᠣᠷᠣᠨ ᠢ ᠰᠣᠩᠭᠤᠨ ᠰᠥᠨᠢ ᠶᠢᠨ ᠲᠣᠭᠲᠠᠭᠰᠠᠨ ᠴᠠᠭ ᠤᠨ | ᠬᠤᠭᠤᠴᠠᠭᠠᠨ ᠳᠤ ᠳᠡᠯᠭᠡᠭᠦᠷ ᠤᠨ ᠭᠠᠳᠠᠨ᠎ᠠ ᠡᠵᠡᠩᠨᠡᠯᠲᠡ ᠬᠢᠯᠭᠡᠨ᠎ᠡ᠃ | ︵ᠳᠥᠷᠪᠡ︶ ᠰᠥᠨᠢ ᠶᠢᠨ ᠴᠠᠭ ᠲᠠᠬᠢ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠰᠢᠨ᠎ᠡ ᠤᠷᠤᠰᠬᠠᠯ ᠢ | ᠬᠥᠲᠥᠯᠥᠨ᠎ᠡ᠃ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠢ ᠡᠵᠡᠩᠨᠡᠵᠦ ᠪᠠᠶᠢᠭ᠎ᠠ ᠨᠢᠭᠡᠴᠡ ᠶᠢᠨ ᠴᠠᠭ | ᠤᠷᠳᠤᠳᠬᠠᠨ ᠡᠵᠡᠩᠨᠡᠬᠦ ᠶᠢ ᠠᠬᠢᠭᠤᠯᠵᠤ᠂ ᠴᠡᠴᠡᠷᠯᠢᠭ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠣᠨᠤᠭ | ᠲᠥᠬᠦᠭᠡᠷᠦᠮᠵᠢ ᠪᠠ ᠬᠥᠳᠡᠯᠭᠡᠭᠡᠨ ᠬᠢᠬᠦ ᠲᠠᠯᠠᠪᠤᠷ ᠢ ᠲᠡᠭᠦᠯᠳᠡᠷᠵᠢᠭᠦᠯᠦᠨ᠂ ᠬᠤᠲᠠ ᠶᠢᠨ ᠠᠷᠠᠳ ᠤᠨ ᠪᠡᠶ᠎ᠡ ᠪᠠᠨ | ᠴᠢᠭᠢᠷᠠᠭᠵᠢᠭᠤᠯᠬᠤ ᠬᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠨ᠎ᠠ᠃ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠣᠬᠢᠶᠠᠨ | ᠪᠠᠶᠢᠭᠤᠯᠬᠤ ᠪᠠ ᠣᠷᠣᠭᠤᠯᠤᠨ ᠢᠷᠡᠭᠦᠯᠬᠦ ᠪᠠᠨ ᠴᠢᠩᠭᠠᠳᠬᠠᠵᠤ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠪᠠ ᠪᠡᠶ᠎ᠡ ᠶᠢᠨ ᠲᠠᠮᠢᠷ ᠤᠨ ᠤᠷᠤᠯᠳᠤᠭᠠᠨ ᠲᠣᠭᠯᠠᠯᠲᠠ ᠶᠢᠨ ᠵᠠᠬ᠎ᠠ ᠳᠡᠯᠭᠡᠭᠦᠷ ᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ᠃ | ︵ᠲᠠᠪᠤ︶ ᠰᠥᠨᠢ ᠶᠢᠨ ᠬᠡᠷᠡᠭᠯᠡᠭᠡ ᠶᠢᠨ ᠰᠢᠨ᠎ᠡ ᠠᠮᠢ ᠠᠬᠤᠢ ᠶᠢ ᠪᠦᠷᠢᠯᠳᠦᠭᠦᠯᠦᠨ᠎ᠡ᠃ ᠰᠥᠨᠢ ᠶᠢᠨ | ᠬᠡᠷᠡᠭᠯᠡᠭᠡ ᠶᠢᠨ ᠲᠠᠯᠠᠪᠤᠷ ᠭᠠᠵᠠᠷ ᠢ ᠬᠥᠲᠥᠯᠥᠨ ᠵᠢᠯᠣᠭᠤᠳᠴᠤ ᠣᠶᠣᠨᠴᠢᠯᠠᠭᠰᠠᠨ᠂ ᠰᠦᠯᠵᠢᠶᠡᠵᠢᠭᠰᠡᠨ ᠪᠦᠬᠦ ᠠᠷᠭ᠎ᠠ | ᠵᠠᠮ ᠤᠨ ᠪᠠᠶᠢᠷᠢᠰᠢᠯ ᠢ ᠥᠷᠭᠡᠳᠬᠡᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ AR᠂ VR ᠵᠡᠷᠭᠡ | ᠣᠳᠣᠬᠢᠴᠢᠯᠠᠭᠰᠠᠨ ᠮᠡᠷᠭᠡᠵᠢᠯ ᠤᠨ ᠬᠡᠷᠡᠭᠯᠡᠯᠲᠡ ᠶᠢ ᠳᠡᠭᠡᠭᠰᠢᠯᠡᠭᠦᠯᠦᠨ᠂ ᠨᠢᠭᠡ ᠪᠦᠯᠦᠭ ᠣᠶᠣᠨᠲᠤ ᠬᠤᠳᠠᠯᠳᠤᠭᠠᠨ ᠤ | ᠲᠣᠭᠤᠷᠢᠭ᠂ ᠣᠶᠣᠨᠲᠤ ᠦᠵᠡᠮᠵᠢ ᠶᠢᠨ ᠣᠷᠣᠨ ᠢ ᠪᠠᠶᠢᠭᠤᠯᠵᠤ᠂ ᠠᠬᠤᠢ ᠦᠵᠡᠭᠳᠡᠯ ᠤᠨ᠂ ᠪᠡᠶᠡᠲᠦ ᠴᠣᠭᠴᠠ ᠶᠢᠨ᠂ | ᠣᠶᠣᠨᠴᠢᠯᠠᠭᠰᠠᠨ ᠬᠡᠷᠡᠭᠯᠡᠭᠡᠨ ᠤ ᠣᠷᠴᠢᠨ ᠲᠣᠭᠤᠷᠢᠨ ᠢ ᠪᠣᠢ ᠪᠣᠯᠭᠠᠨ᠎ᠠ᠃ | ︵ᠵᠢᠷᠭᠤᠭ᠎ᠠ︶ ᠰᠥᠨᠢ ᠶᠢᠨ ᠬᠡᠷᠡᠭᠯᠡᠭᠡ ᠶᠢᠨ ᠦᠵᠡᠮᠵᠢ ᠪᠠᠶᠢᠳᠠᠯ ᠢ ᠭᠡᠶᠢᠭᠦᠯᠦᠨ᠎ᠡ᠃ ︽ᠰᠥᠨᠢ ᠶᠢᠨ ᠬᠥᠬᠡ | ᠬᠤᠲᠠ︾ ᠬᠡᠷᠡᠭᠯᠡᠭᠡ ᠶᠢᠨ ᠴᠢᠳᠠᠮᠵᠢ ᠶᠢᠨ ᠣᠷᠣᠨ ᠤ ᠰᠥᠨᠢ ᠶᠢᠨ ᠦᠵᠡᠮᠵᠢ ᠶᠢ ᠭᠡᠷᠡᠯᠲᠦᠭᠦᠯᠬᠦ᠂ ᠴᠢᠮᠡᠭᠯᠡᠬᠦ | ᠪᠠᠷᠢᠯᠭ᠎ᠠ ᠶᠢ ᠵᠣᠬᠢᠶᠠᠨ ᠪᠠᠶᠢᠭᠤᠯᠤᠨ ᠥᠭᠡᠷᠡᠴᠢᠯᠡᠨ ᠰᠠᠶᠢᠵᠢᠷᠠᠭᠤᠯᠵᠤ᠂ ᠰᠥᠨᠢ ᠶᠢᠨ ᠲᠡᠮᠳᠡᠭ ᠤᠨ ᠰᠢᠰᠲ᠋ᠧᠮᠵᠢ᠂ | ᠦᠵᠡᠮᠵᠢ ᠶᠢᠨ ᠵᠢᠮᠰᠡᠭ᠂ ᠰᠡᠯᠡᠭᠦᠴᠡᠯ ᠤᠨ ᠪᠡᠯᠡᠳᠭᠡᠮᠵᠢ᠂ ᠳ᠋ᠧᠩ ᠬᠡᠷᠡᠯᠳᠦᠭᠦᠯᠭᠡ ᠶᠢᠨ ᠪᠡᠯᠡᠳᠭᠡᠮᠵᠢ᠂ ᠣᠷᠴᠢᠨ | ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ᠂ ᠨᠡᠶᠢᠲᠡ ᠶᠢᠨ WIFI ᠵᠡᠷᠭᠡ ᠢᠵᠢ ᠪᠦᠷᠢᠳᠦᠬᠦᠯᠬᠦ ᠪᠡᠯᠡᠳᠭᠡᠮᠵᠢ | ᠶᠢ ᠲᠡᠭᠦᠯᠳᠡᠷᠵᠢᠭᠦᠯᠦᠨ᠎ᠡ᠃ ᠣᠷᠣᠨ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠪᠠ ᠤᠨᠴᠠᠯᠢᠭᠳᠤ ᠰᠤᠶᠤᠯ ᠲᠠᠢ | ᠤᠶᠠᠯᠳᠤᠭᠤᠯᠤᠨ ᠭᠠᠵᠠᠷ ᠣᠷᠣᠨ ᠤ ᠰᠢᠨᠵᠢ ᠲᠡᠮᠳᠡᠭ ᠢᠯᠡᠷᠭᠡᠢ᠂ ᠣᠯᠠᠨ ᠵᠦᠢᠯ ᠤᠨ ᠡᠵᠡᠩᠨᠡᠯᠲᠡ ᠶᠢᠨ ᠪᠠᠶᠢᠳᠠᠯ | ᠠᠭᠤᠰᠤᠯᠴᠠᠨ ᠬᠥᠭᠵᠢᠭᠰᠡᠨ ᠬᠡᠷᠡᠭᠯᠡᠭᠡᠨ ᠤ ᠦᠵᠡᠮᠵᠢ ᠪᠠᠶᠢᠳᠠᠯ ᠢ ᠪᠣᠢ ᠪᠣᠯᠭᠠᠨ᠎ᠠ᠃ | ︵ᠳᠣᠯᠤᠭ᠎ᠠ︶ ᠰᠥᠨᠢ ᠶᠢᠨ ᠬᠡᠷᠡᠭᠯᠡᠭᠡ ᠶᠢᠨ ᠠᠴᠢᠶᠠᠯᠠᠪᠤᠷᠢ ᠶᠢ ᠴᠤᠭᠴᠠᠯᠠᠨ᠎ᠠ᠃ ᠰᠥᠨᠢ ᠶᠢᠨ | ᠬᠡᠷᠡᠭᠯᠡᠭᠡ ᠶᠢᠨ ᠭᠤᠣᠯ ᠦᠵᠡᠮᠵᠢ ᠶᠢ ᠨᠠᠷᠢᠨ ᠨᠢᠮᠪᠠᠢ ᠬᠥᠮᠥᠵᠢᠭᠦᠯᠦᠨ᠂ ᠬᠤᠳᠠᠯᠳᠤᠭᠠᠨ ᠤ ᠣᠨᠴᠠᠯᠢᠭᠲᠤ ᠶᠠᠪᠠᠭᠠᠨ | ᠵᠡᠭᠡᠯᠢ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠬᠥᠲᠥᠯᠥᠨ ᠡᠵᠡᠩᠨᠡᠯᠲᠡ ᠶᠢᠨ | ᠴᠠᠭ ᠢ ᠤᠷᠲᠤᠳᠬᠠᠵᠤ᠂ ᠰᠥᠨᠢ ᠶᠢᠨ ᠬᠡᠷᠡᠭᠯᠡᠭᠡᠨ ᠳᠤ ᠲᠣᠬᠢᠷᠠᠬᠤ ᠡᠵᠡᠩᠨᠡᠯᠲᠡ ᠶᠢᠨ ᠲᠥᠷᠥᠯ ᠵᠦᠢᠯ ᠢ | ᠨᠡᠮᠡᠭᠳᠡᠭᠦᠯᠦᠨ᠎ᠡ᠃ 24 ᠴᠠᠭ ᠤᠨ ᠳᠥᠲᠡ ᠳᠡᠯᠭᠡᠭᠦᠷ ᠤᠨ ᠬᠥᠭᠵᠢᠯᠲᠡ ᠶᠢ ᠲᠡᠳᠬᠦᠵᠦ ᠲᠡᠭᠦᠨ ᠤ ᠡᠵᠡᠩᠨᠡᠯᠲᠡ ᠶᠢᠨ | ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠳᠡᠮᠵᠢᠨ᠂ ᠰᠥᠨᠢ ᠶᠢᠨ ᠬᠡᠷᠡᠭᠯᠡᠭᠡᠨ ᠳᠤ ᠨᠡᠶᠢᠴᠡᠬᠦ ᠦᠢᠯᠡᠴᠢᠯᠡᠭᠡ ᠪᠠ | ᠪᠦᠲᠦᠭᠡᠭᠳᠡᠬᠦᠨ ᠢ ᠭᠠᠷᠭᠠᠨ᠎ᠠ᠃ ᠨᠥᠬᠦᠴᠡᠯ ᠲᠠᠢ ᠮᠦᠽᠧᠢ᠂ ᠤᠷᠠᠨ ᠵᠢᠷᠤᠭ ᠤᠨ ᠣᠷᠳᠣᠨ ᠤ ᠴᠠᠭ ᠢᠶᠠᠨ | ᠤᠷᠲᠤᠳᠬᠠᠨ ᠨᠡᠭᠡᠭᠡᠯᠲᠡ ᠬᠢᠵᠦ᠂ ᠴᠢᠬᠤᠯᠠ ᠴᠠᠭ ᠤᠨ ᠵᠠᠩᠭᠢᠯᠠᠭ᠎ᠠ᠂ ᠤᠯᠠᠮᠵᠢᠯᠠᠯᠲᠤ ᠪᠠᠶᠠᠷ ᠳᠤᠷᠠᠰᠬᠠᠯ ᠤᠨ | ᠡᠳᠦᠷ ᠲᠤ ᠰᠥᠨᠢ ᠶᠢᠨ ᠲᠠᠯᠠᠪᠠᠢ ᠭᠠᠷᠭᠠᠬᠤ ᠶᠢ ᠵᠣᠷᠢᠭᠵᠢᠭᠤᠯᠤᠨ᠎ᠠ᠃ ᠬᠤᠲᠠ ᠶᠢᠨ ᠲᠣᠭᠤᠷᠢᠭ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠰᠥᠨᠢ ᠶᠢᠨ ᠵᠢᠭᠤᠯᠴᠢᠯᠠᠯ ᠡᠷᠬᠢᠯᠡᠬᠦ ᠪᠣᠶᠣ ᠵᠢᠭᠤᠯᠴᠢᠯᠠᠯ ᠤᠨ ᠴᠠᠭ ᠢ | ᠤᠷᠲᠤᠳᠬᠠᠬᠤ ᠶᠢ ᠵᠣᠷᠢᠭᠵᠢᠭᠤᠯᠤᠨ᠂ ᠨᠢᠭᠡ ᠪᠦᠯᠦᠭ ᠥᠪᠡᠷᠮᠢᠴᠡ ᠣᠨᠴᠠᠯᠢᠭ ᠲᠠᠢ ᠰᠥᠨᠢ ᠶᠢᠨ ᠵᠢᠭᠤᠯᠴᠢᠯᠠᠯ ᠤᠨ | ᠲᠥᠷᠥᠯ ᠵᠦᠢᠯ ᠢ ᠪᠦᠲᠦᠭᠡᠨ᠎ᠡ᠃ | ︵ᠨᠠᠢᠮᠠ︶ ᠰᠥᠨᠢ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠰᠥᠨᠢ ᠶᠢᠨ ᠠᠵᠤ | ᠠᠬᠤᠢ ᠶᠢᠨ ᠬᠡᠷᠡᠭᠯᠡᠭᠡᠨ ᠤ ᠴᠢᠳᠠᠮᠵᠢ ᠶᠢᠨ ᠣᠷᠣᠨ ᠤ ᠡᠷᠭᠢᠨ ᠲᠣᠭᠤᠷᠢᠨ ᠳᠠᠬᠢ ᠮᠧᠲᠷᠤ᠋᠂ ᠨᠡᠶᠢᠲᠡ ᠶᠢᠨ ᠮᠠᠰᠢᠨ ᠤ | ᠲᠡᠭᠡᠭᠡᠪᠦᠷᠢ ᠶᠢᠨ ᠦᠢᠯᠡᠴᠢᠯᠡᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠠᠶᠠᠯᠠᠬᠤ ᠡᠭᠡᠯᠵᠢ ᠳᠠᠷᠠᠭ᠎ᠠ ᠶᠢ | ᠨᠢᠭᠲᠠᠷᠠᠭᠤᠯᠵᠤ᠂ ᠡᠵᠡᠩᠨᠡᠯᠲᠡ ᠶᠢᠨ ᠴᠠᠭ ᠢ ᠤᠷᠲᠤᠳᠬᠠᠨ᠂ ᠵᠡᠭᠡᠯᠢ ᠶᠢᠨ ᠬᠠᠵᠠᠭᠤ ᠪᠠᠷ ᠬᠢ ᠴᠠᠭ ᠤᠨ ᠬᠢᠵᠠᠭᠠᠷ | ᠲᠠᠢ ᠲᠡᠷᠭᠡ ᠵᠣᠭᠰᠣᠬᠤ ᠣᠷᠣ ᠪᠠ ᠲᠦᠷᠢᠶᠡᠰᠦᠨ ᠮᠠᠰᠢᠨ ᠤ ᠠᠶᠠᠨᠴᠢᠨ ᠬᠦᠯᠢᠶᠡᠬᠦ ᠴᠡᠭ ᠢ ᠵᠣᠬᠢᠰᠲᠠᠢ ᠨᠡᠮᠡᠨ᠎ᠡ᠃ | ᠰᠥᠨᠢ ᠶᠢᠨ ᠠᠵᠤ ᠠᠬᠤᠢ ᠶᠢᠨ ᠬᠡᠷᠡᠭᠯᠡᠭᠡᠨ ᠤ ᠴᠢᠳᠠᠮᠵᠢ ᠶᠢᠨ ᠣᠷᠣᠨ ᠤ ᠠᠮᠢᠳᠤᠷᠠᠯ ᠤᠨ ᠬᠤᠭ ᠨᠣᠪᠰᠢ ᠶᠢ | ᠵᠥᠭᠡᠭᠡᠪᠦᠷᠢᠯᠡᠬᠦ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠰᠥᠨᠢ ᠶᠢᠨ ᠠᠵᠤ ᠠᠬᠤᠢ ᠶᠢᠨ ᠬᠥᠭᠵᠢᠯᠲᠡ ᠳᠤ | ᠬᠤᠲᠠ ᠶᠢᠨ ᠳᠦᠷᠢ ᠲᠥᠷᠬᠦ ᠶᠢᠨ ᠡᠮᠬᠢ ᠵᠢᠷᠤᠮ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ | ᠦᠢᠯᠡᠴᠢᠯᠡᠭᠡ ᠶᠢᠨ ᠪᠠᠲᠤᠯᠠᠭ᠎ᠠ ᠬᠠᠩᠭᠠᠨ᠎ᠠ᠃ | ︵ᠶᠢᠰᠦ︶ ᠰᠥᠨᠢ ᠶᠢᠨ ᠠᠵᠤ ᠠᠬᠤᠢ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ | ᠴᠢᠩᠭᠠᠳᠬᠠᠨ᠎ᠠ᠃ ᠰᠥᠨᠢ ᠶᠢᠨ ᠠᠵᠤ ᠠᠬᠤᠢ ᠶᠢᠨ ᠠᠮᠤᠷ ᠲᠦᠪᠰᠢᠨ ᠨᠡᠶᠢᠭᠡᠮ ᠤᠨ ᠠᠮᠤᠷ ᠲᠣᠭᠲᠠᠭᠤᠨ ᠤ ᠵᠡᠷᠭᠡ | ᠲᠡᠰ ᠤᠨ ᠰᠡᠷᠭᠡᠶᠢᠯᠡᠨ ᠡᠵᠡᠮᠳᠡᠬᠦ ᠲᠥᠰᠥᠯ ᠢ ᠲᠣᠭᠲᠠᠭᠠᠵᠤ᠂ ᠰᠥᠨᠢ ᠶᠢᠨ ᠴᠠᠭᠳᠠᠨ ᠡᠵᠡᠮᠳᠡᠬᠦ ᠴᠠᠭᠳᠠᠭᠠᠨ ᠤ | ᠬᠦᠴᠦᠨ ᠢ ᠬᠠᠨᠳᠤᠯᠭᠠᠲᠤ ᠴᠢᠨᠠᠷ ᠲᠠᠢ ᠲᠤᠬᠢᠷᠠᠭᠤᠯᠬᠤ ᠪᠠ ᠴᠢᠩᠭᠠᠳᠬᠠᠵᠤ᠂ ᠠᠮᠤᠷ ᠲᠦᠪᠰᠢᠨ ᠤ ᠪᠠᠲᠤᠯᠠᠭ᠎ᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠣᠮᠣ ᠬᠡᠯᠪᠡᠷᠢ ᠶᠢᠨ ᠠᠵᠢᠯᠯᠠᠭ᠎ᠠ ᠶᠢᠨ ᠠᠮᠤᠷ ᠲᠦᠪᠰᠢᠨ ᠤ | ᠵᠥᠪᠰᠢᠶᠡᠷᠡᠯ ᠤᠨ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠠᠵᠢᠯᠯᠠᠭ᠎ᠠ ᠳᠤ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠤᠮᠵᠢ ᠠᠮᠤᠷ ᠢ ᠬᠠᠮᠠᠭᠠᠯᠠᠬᠤ ᠭᠠᠷ ᠭᠦᠢᠴᠡᠳᠬᠡᠯ ᠢ ᠳᠥᠭᠦᠮᠴᠢᠯᠡᠵᠦ᠂ ᠥᠨᠳᠥᠷ ᠪᠦᠲᠦᠮᠵᠢᠲᠡᠢ ᠠᠮᠤᠷ | ᠲᠦᠪᠰᠢᠨ ᠤ ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠨ᠎ᠠ᠃ ᠡᠯ᠎ᠡ ᠭᠠᠵᠠᠷ ᠣᠷᠣᠨ ᠰᠥᠨᠢ ᠶᠢᠨ ᠠᠵᠤ | ᠠᠬᠤᠢ ᠶᠢᠨ ᠠᠵᠢᠯᠯᠠᠭ᠎ᠠ ᠶᠢᠨ ᠲᠦᠭᠰᠢᠭᠦᠷᠢ ᠶᠢ ᠦᠨᠡᠯᠡᠬᠦ ᠲᠣᠭᠲᠠᠴᠠ ᠶᠢ ᠪᠠᠶᠢᠭᠤᠯᠤᠨ᠂ ᠪᠠᠴᠢᠮ ᠪᠠᠶᠢᠳᠠᠯ ᠢ | ᠠᠷᠭᠠᠴᠠᠭᠠᠬᠤ ᠲᠥᠰᠥᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠰᠣᠷᠢᠯᠳᠠ ᠪᠣᠯᠪᠠᠰᠤᠷᠠᠯ ᠬᠢᠵᠦ᠂ | ᠠᠮᠤᠷ ᠲᠦᠪᠰᠢᠨ ᠡᠮᠬᠢ ᠵᠢᠷᠤᠮ ᠲᠠᠢ ᠰᠥᠨᠢ ᠶᠢᠨ ᠬᠡᠷᠡᠭᠯᠡᠭᠡᠨ ᠤ ᠣᠷᠴᠢᠨ ᠲᠣᠭᠤᠷᠢᠨ ᠢ ᠪᠣᠢ ᠪᠣᠯᠭᠠᠨ᠎ᠠ᠃ | ︵ᠠᠷᠪᠠ︶ ᠰᠥᠨᠢ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠬᠠᠮᠠᠭᠠᠯᠠᠨ᠎ᠠ᠃ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠨᠡᠶᠢᠭᠡᠮ ᠤᠨ ᠬᠠᠮᠲᠤ ᠶᠢᠨ ᠵᠠᠰᠠᠯᠲᠠ ᠶᠢᠨ ᠪᠠᠶᠢᠷᠢᠰᠢᠯ ᠢ | ᠪᠠᠶᠢᠭᠤᠯᠤᠨ᠂ ᠬᠡᠷᠡᠭᠯᠡᠭᠴᠢᠳ ᠤᠨ ᠵᠠᠭᠠᠯᠳᠤᠬᠤ ᠠᠷᠭ᠎ᠠ ᠵᠠᠮ ᠢ ᠰᠢᠯᠤᠭᠤᠳᠬᠠᠵᠤ᠂ ᠬᠤᠳᠠᠯ ᠬᠠᠭᠤᠷᠮᠠᠭ ᠴᠢᠨᠠᠷ ᠮᠠᠭᠤ | ᠪᠠᠷᠠᠭ᠎ᠠ ᠬᠤᠳᠠᠯᠳᠤᠬᠤ ᠦᠢᠯᠡ ᠠᠵᠢᠯᠯᠠᠭ᠎ᠠ ᠳᠤ ᠬᠠᠤᠯᠢ ᠶᠤᠰᠤᠭᠠᠷ ᠴᠣᠬᠢᠯᠲᠠ ᠥᠭᠴᠦ᠂ ᠬᠡᠷᠡᠭᠯᠡᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠰᠥᠨᠢ ᠶᠢᠨ ᠠᠵᠤ ᠠᠬᠤᠢ ᠶᠢᠨ ᠡᠷᠡᠭᠦᠯ ᠢᠶᠠᠷ | ᠬᠥᠭᠵᠢᠬᠦ ᠳᠤ ᠬᠠᠤᠯᠢ ᠳᠦᠷᠢᠮ ᠤᠨ ᠪᠠᠲᠤᠯᠠᠭ᠎ᠠ ᠬᠠᠩᠭᠠᠨ᠎ᠠ᠃ | ︵ᠠᠷᠪᠠᠨ ᠨᠢᠭᠡ︶ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠠᠴᠠ | ᠰᠥᠨᠢ ᠶᠢᠨ ᠠᠵᠤ ᠠᠬᠤᠢ ᠶᠢᠨ ᠬᠡᠷᠡᠭᠯᠡᠭᠡᠨ ᠤ ᠴᠢᠳᠠᠮᠵᠢᠲᠤ ᠣᠷᠣᠨ ᠤ ᠪᠡᠯᠡᠳᠭᠡᠮᠵᠢ ᠶᠢ ᠥᠭᠡᠷᠡᠴᠢᠯᠡᠨ | ᠰᠠᠶᠢᠵᠢᠷᠠᠭᠤᠯᠬᠤ᠂ ᠦᠢᠯᠡᠴᠢᠯᠡᠭᠡ ᠶᠢᠨ ᠴᠢᠳᠠᠪᠤᠷᠢ ᠶᠢ ᠲᠡᠭᠦᠯᠳᠡᠷᠵᠢᠭᠦᠯᠬᠦ ᠳᠤ ᠪᠡᠯᠡ ᠮᠥᠩᠭᠦ ᠶᠢᠨ ᠳᠡᠮᠵᠢᠯᠭᠡ | ᠦᠵᠡᠭᠦᠯᠦᠨ᠎ᠡ᠃ ᠬᠤᠲᠠ ᠶᠢᠨ ᠬᠤᠯᠪᠣᠭᠳᠠᠯ ᠪᠦᠬᠦᠢ ᠰᠢᠭᠤᠳ ᠬᠠᠷᠢᠶ᠎ᠠ ᠰᠠᠯᠠᠭ᠎ᠠ ᠮᠥᠴᠢᠷ ᠡᠯ᠎ᠡ ᠲᠥᠷᠥᠯ ᠤᠨ ᠠᠵᠤ | ᠦᠢᠯᠡᠰ ᠢ ᠬᠦᠭᠵᠢᠬᠦᠯᠬᠦ ᠪᠡᠯᠡ ᠮᠥᠩᠭᠦ ᠪᠠ ᠳᠡᠭᠡᠳᠦ ᠱᠠᠲᠤᠨ ᠤ ᠲᠤᠰᠬᠠᠢ ᠲᠥᠷᠥᠯ ᠤᠨ ᠪᠡᠯᠡ ᠮᠥᠩᠭᠦ ᠶᠢ ᠰᠠᠶᠢᠬᠠᠨ | ᠬᠡᠷᠡᠭᠯᠡᠵᠦ᠂ ᠰᠥᠨᠢ ᠶᠢᠨ ᠬᠡᠷᠡᠭᠯᠡᠭᠡᠨ ᠤ ᠴᠢᠨᠠᠷᠲᠠᠢ ᠦᠢᠯᠡᠴᠢᠯᠡᠭᠡ ᠶᠢᠨ ᠦᠢᠯᠡᠰ ᠤᠨ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ᠂ ᠴᠢᠬᠤᠯᠠ ᠶᠡᠭᠡ ᠲᠥᠷᠥᠯ ᠵᠦᠢᠯ ᠪᠠ ᠴᠢᠬᠤᠯᠠ ᠶᠡᠭᠡ ᠠᠵᠢᠯᠯᠠᠭ᠎ᠠ ᠶᠢ ᠳᠡᠮᠵᠢᠬᠦ ᠡᠷᠴᠢᠮ ᠢᠶᠠᠨ | ᠴᠢᠩᠭᠠᠳᠬᠠᠨ᠎ᠠ᠃ | ︵ᠠᠷᠪᠠᠨ ᠬᠤᠶᠠᠷ︶ ᠠᠵᠢᠯ ᠲᠥᠷᠥᠯ ᠤᠨ ᠪᠡᠶ᠎ᠡ ᠪᠠᠨ ᠱᠠᠭᠠᠷᠳᠠᠬᠤ ᠶᠢ ᠴᠢᠩᠭᠠᠳᠬᠠᠨ᠎ᠠ᠃ ᠡᠯ᠎ᠡ ᠵᠦᠢᠯ ᠤᠨ | ᠰᠥᠨᠢ ᠶᠢᠨ ᠠᠵᠤ ᠠᠬᠤᠢ ᠶᠢᠨ ᠬᠡᠷᠡᠭᠯᠡᠭᠡᠨ ᠤ ᠴᠢᠳᠠᠮᠵᠢᠲᠤ ᠣᠷᠣᠨ ᠳᠤ ᠨᠤᠲᠤᠭᠰᠢᠭᠰᠠᠨ ᠠᠵᠤ | ᠠᠬᠤᠶᠢᠯᠠᠯ ᠬᠤᠳᠠᠯᠳᠤᠭᠠᠨ ᠤ ᠡᠪᠯᠡᠯ ︵ᠨᠡᠶᠢᠭᠡᠮᠯᠢᠭ︶ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ | ᠬᠥᠲᠥᠯᠦᠨ ᠵᠢᠯᠣᠭᠤᠳᠴᠤ ᠵᠣᠷᠢᠭᠵᠢᠭᠤᠯᠤᠨ᠂ ᠡᠵᠡᠩᠨᠡᠯᠲᠡ ᠶᠢᠨ ᠪᠠᠶᠢᠳᠠᠯ ᠤᠨ ᠪᠦᠲᠦᠴᠡ ᠶᠢ ᠰᠢᠯᠢᠳᠡᠭᠵᠢᠭᠦᠯᠬᠦ᠂ | ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠠᠵᠢᠯ ᠲᠦᠷᠦᠯ ᠤᠨ ᠪᠡᠶ᠎ᠡ ᠪᠠᠨ ᠱᠠᠭᠠᠷᠳᠠᠬᠤ ᠳᠤ ᠬᠢᠨᠠᠯᠲᠠ | ᠲᠠᠯᠪᠢᠬᠤ ᠵᠡᠷᠭᠡ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠬᠦ ᠪᠠ ᠵᠢᠯᠣᠭᠤᠳᠬᠤ ᠦᠢᠯᠡᠳᠦᠯ ᠢᠶᠠᠨ ᠭᠦᠢᠴᠡᠳ | ᠪᠠᠳᠠᠷᠠᠭᠤᠯᠤᠨ᠂ ᠲᠤᠰ ᠣᠷᠣᠨ ᠪᠦᠰᠡ ᠶᠢᠨ ᠰᠥᠨᠢ ᠶᠢᠨ ᠠᠵᠤ ᠠᠬᠤᠢ ᠶᠢᠨ ᠬᠥᠭᠵᠢᠯᠲᠡ ᠶᠢ ᠵᠣᠬᠢᠴᠠᠭᠤᠯᠤᠨ | ᠠᠬᠢᠭᠤᠯᠤᠨ᠎ᠠ᠃ | ᠳᠥᠷᠪᠡ᠂ ᠬᠤᠯᠪᠣᠭᠳᠠᠬᠤ ᠬᠦᠷᠢᠶ᠎ᠡ ᠬᠡᠪᠴᠢᠶ᠎ᠡ | ᠬᠤᠲᠠ ᠶᠢᠨ ᠳᠥᠷᠪᠡᠨ ᠲᠣᠭᠤᠷᠢᠭ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ᠃ |