ᠪᠦᠬᠦ ᠣᠷᠣᠨ ᠤ ︽ᠤᠯᠠᠭᠠᠨᠮᠥ᠋ᠴᠢᠷ ᠤᠨ ᠰᠠᠷ᠎ᠠ ·ᠠᠯᠢᠪᠠ ᠪᠦᠬᠦᠨ ᠠᠷᠠᠳ ᠲᠦᠮᠡᠨ ᠤ ᠲᠥᠯᠥᠭᠡ︾ ᠰᠡᠳᠦᠪᠲᠦ ᠬᠤᠪᠢᠶᠠᠷᠢ ᠲᠠᠯᠠᠪᠠᠢ ᠶᠢᠨ ᠠᠵᠢᠯᠯᠠᠭ᠎ᠠ ᠲᠣᠭᠲᠠᠬᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2020/6/18
       ︵ᠰᠤᠷᠪᠤᠯᠵᠢᠯᠠᠭᠴᠢ ᠸᠠᠩ ᠵᠦᠩ ᠵᠸᠦ︶ 6 ᠳ᠋ᠤᠭᠠᠷ ᠰᠠᠷ᠎ᠠ ᠶᠢᠨ 17 ᠤ ᠡᠳᠦᠷ᠂ ᠪᠦᠬᠦ ᠣᠷᠣᠨ ᠤ ︽ᠤᠯᠠᠭᠠᠨᠮᠥ᠋ᠴᠢᠷ ᠤᠨ ᠰᠠᠷ᠎ᠠ᠂ ᠠᠯᠢᠪᠠ ᠪᠦᠬᠦᠨ ᠠᠷᠠᠳ ᠲᠦᠮᠡᠨ ᠤ ᠲᠥᠯᠥᠭᠡ︾ ᠰᠡᠳᠦᠪᠲᠦ ᠬᠤᠪᠢᠶᠠᠷᠢ ᠲᠠᠯᠠᠪᠠᠢ ᠶᠢᠨ ᠠᠵᠢᠯᠯᠠᠭ᠎ᠠ ᠲᠣᠭᠲᠠᠬᠤ ᠰᠢᠶᠠᠨ ᠤ ᠪᠧᠢ ᠪᠠᠨ ᠴᠢᠦ ᠰᠣᠶᠣᠯ ᠤᠨ ᠬᠦᠷᠢᠶᠡᠯᠡᠩ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠺᠢᠨᠤ᠋ ᠲᠣᠪᠴᠢᠶ᠎ᠠ ᠶᠢᠨ ᠳᠠᠷᠤᠭ᠎ᠠ ᠦᠨᠡᠨᠴᠢ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠶᠢᠨ ᠫᠢᠩ ᠬᠤᠪᠢᠶᠠᠷᠢ ᠲᠠᠯᠠᠪᠠᠢ ᠶᠢᠨ ᠠᠵᠢᠯᠯᠠᠭ᠎ᠠ ᠳᠤ ᠣᠷᠣᠯᠴᠠᠪᠠ᠃      ᠪᠦᠬᠦ ᠣᠷᠣᠨ ᠤ ︽ᠤᠯᠠᠭᠠᠨᠮᠥ᠋ᠴᠢᠷ ᠤᠨ ᠰᠠᠷ᠎ᠠ · ᠠᠯᠢᠪᠠ ᠪᠦᠬᠦᠨ ᠠᠷᠠᠳ ᠲᠦᠮᠡᠨ ᠤ ᠲᠥᠯᠥᠭᠡ︾ ᠰᠡᠳᠦᠪᠲᠦ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ ᠬᠠᠮᠲᠤᠷᠠᠨ ᠡᠷᠬᠢᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠶᠢ ᠤᠶᠠᠯᠳᠤᠭᠤᠯᠬᠤ ᠬᠡᠯᠪᠡᠷᠢ ᠪᠠᠷ ᠡᠷᠬᠢᠯᠡᠵᠡᠢ᠃ ᠲᠤᠰ ᠡᠳᠦᠷ ᠤᠨ ᠠᠵᠢᠯᠯᠠᠭ᠎ᠠ ᠨᠢ ᠮᠠᠨ ᠤ ᠬᠤᠲᠠ ᠶᠢᠨ ᠲᠣᠭᠲᠠᠬᠤ ᠰᠢᠶᠠᠨ ᠳᠤ ᠶᠠᠪᠤᠭᠳᠠᠭᠰᠠᠨ ᠢᠶᠠᠷ ᠪᠠᠷᠠᠬᠤ ᠦᠭᠡᠢ᠂ ᠰᠥᠨᠢᠳ ᠪᠠᠷᠠᠭᠤᠨ ᠬᠤᠰᠢᠭᠤ᠂ ᠳᠥᠷᠪᠡᠳ ᠬᠤᠰᠢᠭᠤ ᠵᠡᠷᠭᠡ ᠭᠠᠵᠠᠷ ᠢᠶᠠᠷ ᠶᠠᠪᠤᠭᠳᠠᠪᠠ᠃       ᠲᠣᠭᠲᠠᠬᠤ ᠰᠢᠶᠠᠨ ᠤ ᠬᠤᠪᠢᠶᠠᠷᠢ ᠲᠠᠯᠠᠪᠠᠢ ᠶᠢᠨ ᠠᠵᠢᠯᠯᠠᠭ᠎ᠠ ᠳᠤ᠂ ᠤᠯᠠᠭᠠᠨᠮᠥ᠋ᠴᠢᠷ ᠠᠴᠠ ᠣᠯᠠᠨ ᠲᠦᠮᠡᠨ ᠳᠤ ᠬᠤᠶᠠᠷ ᠬᠥᠮᠥᠨ ᠤ ᠡᠯᠭᠦᠭᠡ ᠵᠦᠴᠦᠭᠡ ︽ᠰᠠᠶᠢᠨ ᠲᠥᠷᠥ ᠶᠢᠨ ᠪᠣᠳᠣᠯᠭ᠎ᠠ ᠪᠢᠳᠠᠨ ᠢ ᠬᠥᠲᠥᠯᠥᠨ ᠴᠢᠨᠡᠭᠡᠯᠢᠭ ᠲᠤ ᠬᠦᠷᠭᠡᠯ᠎ᠡ︾᠂ ᠳᠠᠭᠤᠤ ᠪᠦᠵᠢᠭ ︽ᠪᠢᠳ᠋ᠨ ᠪᠣᠯ ᠲᠠᠯ᠎ᠠ ᠨᠤᠲᠤᠭ ᠤᠨ ᠬᠥᠩᠭᠡᠨ ᠮᠣᠷᠢᠲᠤ ᠴᠡᠷᠢᠭ︾᠂ ᠪᠥᠵᠢᠭ ︽ᠳᠤᠮᠳᠠᠳᠤ ᠶᠢᠨ ᠭᠡᠷ ᠣᠷᠣᠨ︾ ᠵᠡᠷᠭᠡ ᠠᠷᠪᠠᠭᠠᠳ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠠᠷᠠᠳ ᠲᠦᠮᠡᠨ ᠤ ᠳᠤᠮᠳᠠ ᠤᠯᠠᠮᠵᠢᠯᠠᠬᠤ︾ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠠᠴᠠ ᠣᠯᠠᠨ ᠲᠦᠮᠡᠨ ᠳᠤ ᠡᠮᠴᠢᠯᠡᠭᠡ ᠴᠢᠭᠢᠷᠠᠭᠵᠢᠯ᠂ ᠰᠣᠶᠣᠯ ᠤᠨ ᠵᠢᠯᠣᠭᠤᠳᠤᠯᠭ᠎ᠠ᠂ ᠰᠢᠨᠵᠢᠯᠡᠬᠦ ᠤᠬᠠᠭᠠᠨ ᠤ ᠲᠦᠭᠡᠮᠡᠯᠵᠢᠯ᠂ ᠡᠷᠡᠭᠦᠯ ᠬᠠᠮᠠᠭᠠᠯᠠᠯ ᠣᠷᠴᠢᠨ ᠲᠣᠭᠤᠷᠢᠨ ᠤ ᠬᠠᠮᠠᠭᠠᠯᠠᠯᠲᠠ᠂ ᠬᠠᠤᠯᠢ ᠴᠠᠭᠠᠵᠠ ᠶᠢᠨ ᠯᠠᠪᠯᠠᠯᠲᠠ ᠵᠡᠷᠭᠡ ᠬᠠᠯᠠᠮᠵᠢ ᠶᠢᠨ ᠦᠢᠯᠡᠴᠢᠯᠡᠭᠡ ᠬᠦᠷᠭᠡᠪᠡ᠃      ᠡᠨᠡ ᠤᠳᠠᠭᠠᠨ ᠤ ︽ᠤᠯᠠᠭᠠᠨᠮᠥ᠋ᠴᠢᠷ ᠤᠨ ᠰᠠᠷ᠎ᠠ︾ ᠶᠢᠨ ᠠᠵᠢᠯᠯᠠᠭ᠎ᠠ 7 ᠳ᠋ᠤᠭᠠᠷ ᠰᠠᠷ᠎ᠠ ᠶᠢᠨ ᠰᠡᠭᠦᠯᠴᠢ ᠬᠦᠷᠲᠡᠯ᠎ᠡ ᠦᠷᠭᠦᠯᠵᠢᠯᠡᠵᠦ᠂ ᠠᠵᠢᠯᠯᠠᠭ᠎ᠠ ᠳᠤ ᠭᠤᠣᠯᠳᠠᠭᠤ ᠤᠯᠠᠭᠠᠨᠮᠥ᠋ᠴᠢᠷ ᠪᠠᠶᠢᠭᠤᠯᠤᠭᠳᠠᠭᠰᠠᠨ ᠡᠳᠦᠷ ᠤᠨ ᠭᠤᠣᠯ ᠰᠡᠳᠦᠪᠲᠦ ᠠᠵᠢᠯᠯᠠᠭ᠎ᠠ᠂ ᠤᠯᠠᠭᠠᠨᠮᠥ᠋ᠴᠢᠷ ᠠᠴᠠ ᠶᠠᠳᠠᠭᠤ ᠠᠴᠠ ᠠᠩᠭᠢᠵᠢᠷᠠᠭᠤᠯᠬᠤ ᠳᠤ ᠲᠤᠰᠠᠯᠠᠬᠤ ᠭᠤᠣᠯ ᠰᠡᠳᠦᠪᠲᠦ ᠠᠵᠢᠯᠯᠠᠭ᠎ᠠ᠂ ᠤᠯᠠᠭᠠᠨᠮᠥ᠋ᠴᠢᠷ ᠤᠨ ᠪᠠᠭ᠎ᠠ ᠳᠤᠭᠤᠶᠢᠯᠠᠩ ᠤᠨ ︽ᠵᠢᠷᠭᠤᠭ᠎ᠠ ᠳᠤ ᠬᠦᠷᠭᠡᠬᠦ︾ ᠲᠣᠭᠯᠠᠯᠲᠠ᠂ ᠤᠯᠠᠭᠠᠨᠮᠥ᠋ᠴᠢᠷ ᠤᠨ ᠭᠠᠵᠠᠷ ᠠᠯᠤᠰᠯᠠᠨ ᠬᠠᠷᠢᠯᠴᠠᠨ ᠰᠤᠷᠤᠯᠴᠠᠬᠤ ᠲᠣᠭᠯᠠᠯᠲᠠ᠂ ᠤᠯᠠᠭᠠᠨᠮᠥ᠋ᠴᠢᠷ ᠠᠴᠠ ᠰᠣᠶᠣᠯ ᠵᠢᠭᠤᠯᠴᠢᠯᠠᠯ ᠤᠨ ᠠᠭᠤᠰᠤᠯᠴᠠᠯ ᠢ ᠲᠤᠰᠠᠯᠠᠬᠤ ᠠᠵᠢᠯᠯᠠᠭ᠎ᠠ ᠵᠢᠴᠢ ︽ᠤᠯᠠᠭᠠᠨᠮᠥ᠋ᠴᠢᠷ ᠤᠨ ᠨᠢᠭᠡ ᠡᠳᠦᠷ︾ vlog ᠳᠦᠷᠰᠦ ᠪᠢᠴᠢᠯᠭᠡ ᠶᠢᠨ ᠰᠦᠯᠵᠢᠶᠡᠨ ᠤ ᠲᠡᠮᠳᠡᠭᠯᠡᠯ ᠢ ᠰᠢᠩᠭᠡᠭᠡᠬᠦ ᠵᠡᠷᠭᠡ ᠠᠭᠤᠯᠭ᠎ᠠ ᠪᠠᠭᠲᠠᠨ᠎ᠠ᠃ ᠠᠵᠢᠯᠯᠠᠭ᠎ᠠ  ᠨᠢ ︽ᠠᠷᠠᠳ ᠲᠦᠮᠡᠨ ᠢ ᠳᠡᠭᠡᠳᠦᠯᠡᠬᠦ︾ ᠥᠷᠲᠡᠭ ᠤᠨ ᠣᠶᠢᠯᠠᠭᠠᠭᠳᠠᠬᠤᠨ ᠢ ᠴᠠᠭ ᠢᠮᠠᠭᠲᠠ ᠦᠢᠯᠡᠳᠦᠯᠭᠡᠵᠢᠭᠦᠯᠵᠦ᠂ ᠨᠡᠩ ᠰᠠᠶᠢᠨ ᠨᠡᠩ ᠰᠢᠯᠢᠳᠡᠭ ᠰᠣᠶᠣᠯ ᠤᠨ ᠪᠦᠲᠦᠭᠡᠭᠳᠡᠬᠦᠨ ᠢ ᠥᠷᠭᠡᠨ ᠣᠯᠠᠨ ᠠᠷᠠᠳ ᠲᠦᠮᠡᠨ ᠳᠤ ᠬᠦᠷᠭᠡᠵᠦ᠂ ᠪᠦᠬᠦ ᠨᠡᠶᠢᠭᠡᠮ ᠳᠤ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠤᠯᠠᠮᠵᠢᠯᠠᠨ ᠪᠠᠳᠠᠷᠠᠭᠤᠯᠬᠤ ᠪᠠᠷ ᠴᠢᠷᠮᠠᠶᠢᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ