2020 ᠤᠨ ᠤ ᠪᠣᠯᠪᠠᠰᠤᠨ ᠬᠤᠲᠠ ︵ᠲᠤᠭᠤᠷᠢᠭ︶ ᠶᠢ ᠪᠦᠲᠦᠭᠡᠨ ᠪᠠᠶᠢᠭᠤᠯᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠪᠦᠲᠦᠭᠡᠨ ᠪᠠᠶᠢᠭᠤᠯᠬᠤ ᠬᠢᠷᠢ ᠲᠦᠪᠰᠢᠨ ᠢ ᠳᠡᠭᠡᠭᠰᠢᠯᠡᠬᠦᠯᠬᠦ ᠶᠢᠨ ᠲᠦᠯᠦᠭᠡ᠂ 6 | ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠪᠣᠯᠪᠠᠰᠤᠨ ᠬᠤᠲᠠ ︵ | ᠲᠣᠭᠤᠷᠢᠭ︶ ᠶᠢ ᠪᠦᠲᠦᠭᠡᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠲᠤᠭᠤᠷᠢᠭ ᠤᠨ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠼᠦᠢ ᠯᠢ ᠬᠤᠷᠠᠯ ᠳᠤ ᠣᠷᠣᠯᠴᠠᠪᠠ᠃ | | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠣᠯᠪᠠᠰᠤᠨ ᠬᠤᠲᠠ ︵ᠲᠣᠭᠤᠷᠢᠭ︶ ᠶᠢ ᠪᠦᠲᠦᠭᠡᠨ ᠪᠠᠶᠢᠭᠤᠯᠬᠤ | ᠠᠵᠢᠯ ᠤᠨ ᠡᠭᠦᠷᠭᠡ ᠬᠠᠲᠠᠭᠤ ᠪᠡᠷᠬᠡ᠂ ᠴᠠᠭ ᠪᠠᠴᠢᠮ᠂ ᠪᠦᠬᠦ ᠣᠷᠣᠨ ᠤ ᠡᠯ᠎ᠡ ᠬᠤᠯᠪᠤᠭᠳᠠᠯ ᠪᠦᠬᠦᠢ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠤᠳ ᠲᠠᠨᠢᠯᠲᠠ ᠪᠠᠨ ᠭᠦᠨᠵᠡᠭᠡᠶᠢᠷᠡᠭᠦᠯᠵᠦ᠂ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠨᠠᠩ ᠯᠠᠪᠳᠠᠭᠤᠨ ᠪᠦᠲᠦᠮᠵᠢᠲᠡᠶ ᠠᠷᠭ᠎ᠠ ᠬᠡᠮᠵᠢᠶ᠎ᠡ ᠪᠠᠷ ᠪᠣᠯᠪᠠᠰᠤᠨ ᠬᠤᠲᠠ ᠶᠢ ᠪᠦᠲᠦᠭᠡᠨ | ᠪᠠᠶᠢᠭᠤᠯᠬᠤ ᠠᠵᠢᠯ ᠢ ᠠᠬᠢᠭᠤᠯᠵᠤ᠂ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢᠨ ᠡᠭᠦᠷᠭᠡ ᠶᠢ ᠨᠠᠷᠢᠯᠢᠭ ᠪᠤᠲᠠᠲᠠᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠪᠠᠷᠢᠮᠵᠢᠶ᠎ᠠ ᠪᠣᠯᠣᠨ | ᠬᠦᠰᠦᠨᠦᠭ ᠲᠠᠢ ᠬᠠᠷᠢᠴᠠᠭᠤᠯᠤᠨ᠂ ᠲᠤᠬᠠᠶ ᠶᠢᠨ ᠭᠠᠵᠠᠷ ᠲᠤᠨᠢ ᠰᠢᠯᠭᠠᠨ ᠦᠨᠡᠯᠡᠬᠦ ᠱᠠᠭᠠᠷᠳᠠᠯᠭ᠎ᠠ ᠶᠣᠰᠣᠭᠠᠷ᠂ | ᠲᠡᠷᠢᠭᠦᠨ ᠤ ᠴᠢᠭ ᠢ ᠢᠳᠡᠪᠬᠢᠲᠡᠶ ᠪᠦᠲᠦᠭᠡᠨ ᠪᠠᠶᠢᠭᠤᠯᠵᠤ᠂ ᠪᠣᠯᠪᠠᠰᠤᠨ ᠬᠤᠲᠠ ᠴᠤᠭᠴᠠᠯᠠᠬᠤ ᠡᠯ᠎ᠡ ᠵᠣᠶᠢᠯ ᠤᠨ | ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠤᠣᠯᠯᠠᠨ ᠳᠠᠭᠠᠷᠢᠬᠤ | ᠴᠢᠭᠯᠡᠯ ᠢᠶᠠᠨ ᠲᠣᠳᠣᠷᠬᠠᠶᠢᠯᠠᠵᠤ᠂ ᠦᠪᠡᠷ ᠤᠨ ᠬᠦᠷᠦᠯᠴᠡᠬᠦ ᠦᠭᠡᠢ ᠲᠠᠯ᠎ᠠ ᠪᠠ ᠳᠤᠲᠠᠭᠤᠳᠠᠯ ᠢᠶᠠᠨ | ᠲᠣᠳᠣᠷᠬᠠᠶᠢᠯᠠᠬᠤ ᠶᠢᠨ ᠬᠠᠮᠲᠤ ᠪᠦᠬᠦ ᠲᠠᠯ᠎ᠠ ᠪᠠᠷ ᠰᠠᠶᠢᠵᠢᠷᠠᠭᠤᠯᠤᠨ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢ | ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠰᠢᠯᠭᠠᠨ ᠦᠨᠡᠯᠡᠬᠦ ᠰᠢᠰᠲ᠋ᠧᠮ ᠲᠠᠢ | ᠴᠢᠩᠭ᠎ᠠ ᠬᠠᠷᠢᠴᠠᠭᠤᠯᠤᠨ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠪᠣᠯᠤᠨ | ᠳᠤᠲᠠᠭᠤᠳᠠᠯ ᠳᠤ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠦᠨᠡᠨ ᠪᠣᠳᠠᠲᠠᠶ | ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠣᠷᠣᠨ ᠡᠷᠬᠡᠪᠰᠢ ᠨᠡᠩ ᠪᠠᠲᠤ ᠴᠢᠩᠭ᠎ᠠ ᠢᠲᠡᠭᠡᠯ ᠵᠣᠷᠢᠭ᠂ | ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ᠂ ᠦᠨᠡᠨ ᠠᠳᠬᠤᠨ ᠪᠣᠳᠠᠲᠠᠶ ᠠᠵᠢᠯᠯᠠᠬᠤ ᠰᠤᠷᠲᠠᠯ ᠢᠶᠠᠷ᠂ ᠬᠤᠲᠠ | ᠴᠤᠭᠴᠠᠯᠠᠬᠤ ᠠᠵᠢᠯ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃ | ᠲᠤᠭᠤᠷᠢᠭ ᠤᠨ ᠬᠠᠷᠢᠶ᠎ᠠ ᠡᠯ᠎ᠡ ᠬᠤᠯᠪᠤᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ | ᠪᠤᠷᠤᠬᠤᠰᠢᠭᠤ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠷᠠᠯ ᠳᠤ ᠤᠷᠤᠯᠴᠠᠪᠠ᠃ |