ᠵᠠᠩ ᠪᠠᠢ ᠴᠧᠩ ᠣᠷᠣᠯᠴᠠᠪᠠ | ︵ᠰᠤᠷᠪᠤᠯᠵᠢᠯᠠᠭᠴᠢ ᠹᠧᠩ ᠶᠠᠨ ᠫᠢᠩ︶ 6 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ | ᠯᠢ ᠰᠢᠶᠠ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ᠂ ︽ᠰᠢᠨ᠎ᠡ ᠦᠨᠳᠦᠰᠦᠨ ᠪᠦᠲᠦᠭᠡᠨ | ᠪᠠᠶᠢᠭᠤᠯᠤᠯᠲᠠ︾ ᠶᠢᠨ ᠠᠵᠢᠯ ᠢ ᠬᠡᠷᠬᠢᠨ ᠨᠠᠶᠢᠳᠠᠪᠤᠷᠢᠵᠢᠭᠤᠯᠵᠤ ᠨᠠᠷᠢᠯᠢᠭᠵᠢᠭᠤᠯᠵᠤ ᠪᠣᠳᠠᠲᠠᠶᠢᠵᠢᠭᠤᠯᠬᠤ ᠲᠤᠬᠠᠢ | ᠨᠢᠭᠡ ᠴᠠᠭ ᠤᠨ ︽ᠪᠢᠯᠢᠭ ᠤᠨ ᠰᠢᠭᠤᠷᠭ᠎ᠠ︾ ᠳᠡᠭᠳᠡᠭᠡᠪᠡ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠥᠪ ᠬᠤᠲᠠ ᠳᠤ ᠰᠠᠭᠤᠷᠢᠯᠠᠬᠤ᠂ ᠪᠦᠬᠦ ᠲᠠᠯ᠎ᠠ ᠶᠢ | ᠪᠤᠳᠤᠯᠬᠢᠯᠠᠬᠤ᠂ ᠪᠦᠬᠦ ᠤᠷᠤᠨ ᠳᠤ ᠦᠢᠯᠡᠴᠢᠯᠡᠬᠦ ᠪᠣᠳᠤᠯᠬᠢᠯᠠᠯ ᠪᠠ ᠡᠭᠦᠰᠦᠯᠲᠡ ᠡᠴᠠᠣᠶᠢᠯᠠᠭᠠᠯᠲᠠ ᠪᠠᠨ | ᠭᠦᠨᠵᠡᠭᠡᠶᠢᠷᠡᠭᠦᠯᠦᠨ᠂ ᠭᠦᠨᠴᠡ ᠲᠠᠢ ᠲᠥᠰᠥᠪᠯᠡᠵᠦ ᠲᠥᠯᠥᠪᠯᠡᠨ᠂ ᠪᠠᠶᠢᠷᠢᠰᠢᠯ ᠢᠶᠠᠨ ᠲᠣᠮᠣᠷᠠᠭᠤᠯᠤᠨ᠂ | ᠰᠡᠳᠬᠢᠬᠦᠢ ᠪᠠᠨ ᠬᠤᠪᠢᠷᠠᠭᠤᠯᠵᠤ᠂ ᠤᠯᠤᠰ ᠤᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠨ ᠠᠰᠢᠭᠯᠠᠨ᠂ ︽ | ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ︾ ᠪᠠᠷ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ | ᠳᠠᠶᠢᠴᠢᠯᠠᠵᠤ᠂ ᠲᠥᠪ ᠬᠤᠲᠠ ᠶᠢᠨ ᠣᠯᠠᠨ ᠲᠦᠮᠡᠨ ᠤ ᠦᠢᠯᠡᠳᠪᠦᠷᠢᠯᠡᠯ᠂ ᠠᠮᠢᠳᠤᠷᠠᠯ ᠤᠨ ᠳᠥᠭᠦᠮ ᠲᠥᠳᠡ ᠪᠠ | ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠪᠡ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ︽ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ︾ ᠶᠢᠨ | ᠲᠥᠯᠥᠪᠵᠢᠭᠦᠯᠭᠡ ᠶᠢᠨ ᠪᠠᠶᠢᠷᠢᠰᠢᠯ ᠢ ᠲᠦᠷᠭᠡᠳᠬᠡᠬᠦ ᠨᠢ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ | ᠬᠤᠪᠢᠷᠠᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠳᠤ | ᠴᠢᠷᠮᠠᠶᠢᠬᠤ ᠴᠢᠭᠯᠡᠯ ᠮᠥᠨ᠂ ᠲᠥᠪ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ | ᠬᠤᠪᠢᠷᠠᠭᠤᠯᠬᠤ ᠪᠠ ᠴᠢᠨᠠᠷ ᠰᠠᠶᠢᠲᠠᠢ ᠬᠥᠭᠵᠢᠯᠲᠡ ᠳᠤ ᠴᠥᠮ ᠠᠯᠤᠰ ᠬᠡᠳᠦ ᠶᠢᠨ ᠠᠴᠢ ᠬᠤᠯᠪᠣᠭᠳᠠᠯ ᠲᠠᠢ᠃ ᠡᠯ᠎ᠡ | ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠶᠢᠯᠠᠭᠠᠯᠲᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠰᠢᠨ᠎ᠡ ᠱᠠᠭᠠᠷᠳᠠᠯᠭ᠎ᠠ ᠪᠠ ᠪᠣᠳᠠᠲᠤ ᠠᠭᠤᠯᠬᠤᠨ ᠢ ᠣᠨᠣᠪᠴᠢᠲᠠᠢ ᠡᠵᠡᠮᠰᠢᠵᠤ᠂ ᠪᠦᠬᠦ ᠬᠤᠲᠠ ᠶᠢᠨ ︽ᠰᠢᠨ᠎ᠡ | ᠦᠨᠳᠦᠰᠦᠨ ᠪᠦᠲᠦᠭᠡᠨ ᠪᠠᠶᠢᠭᠤᠯᠤᠯᠲᠠ︾ ᠪᠠ ︽ᠬᠠᠭᠤᠴᠢᠨ ᠦᠨᠳᠦᠰᠦᠨ ᠪᠦᠲᠦᠭᠡᠨ ᠪᠠᠶᠢᠭᠤᠯᠤᠯᠲᠠ︾ ᠳᠤ | ᠰᠢᠰᠲ᠋ᠧᠮ ᠲᠠᠢ ᠪᠠᠶᠢᠴᠠᠭᠠᠯᠲᠠ ᠬᠢᠵᠦ᠂ ᠰᠠᠭᠤᠷᠢ ᠲᠤᠭ᠎ᠠ ᠶᠢ ᠲᠣᠳᠣᠷᠬᠠᠢ ᠡᠵᠡᠮᠰᠢᠵᠦ᠂ ᠳᠠᠪᠠᠭᠤᠯᠢᠭ ᠢᠶᠠᠨ | ᠪᠠᠳᠠᠷᠠᠭᠤᠯᠤᠨ ᠂ ᠳᠤᠲᠠᠭᠤᠳᠠᠯ ᠢᠶᠠᠨ ᠨᠥᠬᠦᠪᠦᠷᠢᠯᠡᠵᠦ᠂ ᠬᠤᠯᠠ ᠶᠢ ᠬᠠᠷᠠᠨ᠂ ᠡᠯ᠎ᠡ ᠵᠦᠢᠯ ᠤᠨ ᠠᠵᠢᠯ ᠢ | ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ | ᠠᠷᠭ᠎ᠠ ᠬᠡᠯᠪᠡᠷᠢ ᠶᠢᠨ ᠬᠤᠪᠢᠷᠠᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠶᠢ ᠪᠠᠳᠤᠵᠢᠭᠤᠯᠵᠤ᠂ ᠬᠥᠳᠡᠯᠡᠩᠭᠦᠢ ᠪᠠᠶᠢᠷᠢ ᠶᠢ ᠣᠯᠬᠤ ᠬᠡᠷᠡᠭᠲᠡᠢ ᠭᠡᠪᠡ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠠᠵᠢᠯ ᠤᠨ ᠪᠣᠳᠠᠲᠠᠢ ᠳᠤ ᠰᠠᠭᠤᠷᠢᠯᠠᠵᠤ᠂ ᠣᠳᠣᠬᠠᠨ ᠤ ᠪᠠ | ᠠᠯᠤᠰ ᠬᠡᠲᠦ ᠶᠢ ᠤᠶᠠᠯᠳᠤᠭᠤᠯᠤᠨ᠂ ᠨᠡᠭᠡᠭᠡᠯᠲᠡ ᠲᠠᠢ ᠰᠡᠳᠬᠢᠬᠦᠢ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠬᠤ ᠬᠡᠷᠡᠭᠲᠡᠢ᠃ ᠲᠥᠷᠥ ᠶᠢᠨ ᠪᠣᠳᠣᠯᠭ᠎ᠠ ᠪᠠᠷ ᠤᠳᠤᠷᠢᠳᠤᠮᠵᠢ ᠪᠣᠯᠭᠠᠬᠤ᠂ ᠬᠡᠷᠡᠭᠴᠡᠭᠡ | ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ︾ ᠪᠣᠯᠣᠨ | ᠤᠯᠠᠮᠵᠢᠯᠠᠯᠲᠤ ᠦᠨᠳᠦᠰᠦᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠦᠴᠦ ᠶᠢ ᠵᠢᠭᠡᠯᠡᠨ | ᠬᠦᠴᠦᠯᠡᠵᠦ᠂ ᠲᠥᠪ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠴᠢᠳᠠᠪᠤᠷᠢᠲᠠᠨ ᠤ ᠳᠠᠪᠠᠭᠤᠯᠢᠭ ᠵᠡᠷᠭᠡ ᠶᠢ | ᠭᠦᠢᠴᠡᠳ ᠠᠰᠢᠭᠯᠠᠨ ᠲᠥᠷᠥᠯ ᠵᠦᠢᠯ ᠢ ᠲᠥᠰᠥᠪᠯᠡᠬᠦ ᠠᠵᠢᠯ ᠢ ᠰᠠᠶᠢᠲᠤᠷ ᠬᠢᠵᠦ᠂ ᠭᠠᠵᠠᠷ ᠣᠷᠣᠨ ᠳᠤᠨᠢ | ᠲᠣᠬᠢᠷᠠᠭᠤᠯᠤᠨ᠂ ᠴᠢᠳᠠᠯ ᠤᠨ ᠢᠶᠠᠨ ᠬᠢᠷᠢ ᠪᠠᠷ ︽ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ︾ ᠶᠢᠨ | ᠪᠠᠶᠢᠷᠢᠰᠢᠯ ᠢ ᠣᠷᠣᠨ ᠵᠠᠢ ᠶᠢᠨ ᠲᠥᠯᠥᠪᠵᠢᠭᠦᠯᠭᠡ᠂ ᠬᠤᠲᠠ ᠶᠢᠨ ᠵᠢᠷᠤᠭ ᠲᠥᠯᠥᠪᠯᠡᠭᠡ ᠳᠤᠮᠳᠠ | ᠨᠠᠶᠢᠳᠠᠪᠤᠷᠢᠵᠢᠭᠤᠯᠵᠤ᠂ ᠪᠦᠬᠦᠶᠢᠯᠡ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠳᠤ ᠠᠭᠤᠰᠬᠠᠬᠤ | ᠬᠡᠷᠡᠭᠲᠡᠢ ᠭᠡᠪᠡ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ᠂ ᠰᠢᠨ᠎ᠡ | ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ ᠬᠢᠵᠠᠭᠠᠷᠯᠠᠵᠤ ᠪᠠᠶᠢᠭ᠎ᠠ ᠭᠤᠣᠯᠳᠠᠯᠭ᠎ᠠ ᠲᠠᠢ ᠠᠰᠠᠭᠤᠳᠠᠯ ᠢ | ᠭᠦᠨᠵᠡᠭᠡᠢ ᠰᠡᠳᠦᠨ ᠰᠢᠢᠳᠪᠦᠷᠢᠯᠡᠵᠦ᠂ ᠲᠥᠪ ᠤᠨ ᠳᠤᠷᠠᠳᠤᠭᠰᠠᠨ 5G᠂ ᠣᠨᠴᠠ ᠥᠨᠳᠥᠷ ᠳᠠᠷᠤᠯᠲᠠ᠂ | ᠬᠤᠲᠠ ᠶᠢᠨ ᠲᠦᠷᠭᠡᠨ ᠤ ᠲᠡᠮᠦᠷ ᠵᠠᠮ ᠪᠠ ᠬᠤᠲᠠ ᠶᠢᠨ ᠬᠤᠭᠤᠷᠣᠨᠳᠤᠬᠢ ᠵᠢᠮᠲᠦ ᠵᠠᠮ ᠬᠠᠷᠢᠯᠴᠠᠭ᠎ᠠ᠂ ᠲᠤᠮᠤ | ᠳ᠋ᠠᠶᠢᠲ᠋ᠠ ᠶᠢᠨ ᠲᠥᠪ ᠵᠡᠷᠭᠡ ᠳᠣᠯᠣᠭᠠᠨ ᠶᠡᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ | ᠭᠤᠣᠯᠳᠠᠯᠭ᠎ᠠ ᠶᠢ ᠡᠷᠢᠨ᠂ ᠬᠠᠮᠢᠶ᠎ᠠ ᠪᠦᠬᠦᠢ ᠰᠠᠨᠠᠯ ᠠᠷᠭ᠎ᠠ ᠶᠢ ᠲᠣᠭᠲᠠᠭᠠᠨ ᠨᠡᠶᠢᠲᠡᠯᠡᠵᠦ᠂ ᠣᠯᠠᠨ ᠨᠡᠶᠢᠲᠡ ᠶᠢᠨ | ᠮᠡᠷᠭᠡᠵᠢᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠨᠢᠭᠡᠳᠦᠯᠲᠡᠢ ᠲᠥᠯᠥᠪᠯᠡᠨ ᠨᠡᠶᠢᠲᠡ ᠳᠤᠨᠢ | ᠬᠠᠷᠠᠭᠠᠯᠵᠠᠵᠤ᠂ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠨ ᠲᠦᠯᠬᠢᠨ ᠠᠬᠢᠭᠤᠯᠬᠤ | ᠬᠡᠷᠡᠭᠲᠡᠢ ᠭᠡᠪᠡ᠃ | ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠢᠦ ᠴᠧᠩ ᠮᠢᠨ᠂ ᠸᠠᠩ ᠬᠤᠤ ᠯᠧᠢ᠂ ᠦ᠋ ᠸᠧᠨ ᠮᠢᠩ᠂ | ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠣ᠋ ᠵᠢᠶᠠᠨ ᠭᠥᠸᠧ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ |