ᠲᠥᠪ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦ ᠶᠢᠨ ᠠᠵᠢᠯ ᠣᠯᠵᠤ ᠶᠠᠳᠠᠭᠤ ᠠᠴᠠ ᠠᠩᠭᠢᠵᠢᠷᠠᠬᠤ ᠳᠤ ᠨᠢ ᠲᠤᠰᠠᠯᠠᠵᠤ ᠪᠤᠢ
ᠨᠡᠶᠢᠲᠡᠯᠡᠭᠰᠡᠨ ᠴᠠᠭ᠄
2020-06-19
       ︵ᠰᠤᠷᠪᠤᠯᠵᠢᠯᠠᠭᠴᠢ ᠸᠠᠩ ᠶᠢᠩ︶  ᠣᠶᠢᠯᠠᠭᠠᠭᠰᠠᠨ ᠢᠶᠠᠷ᠂ ︽ᠨᠢᠭᠡ ᠬᠥᠮᠥᠨ ᠳᠤ ᠠᠵᠢᠯ ᠣᠯᠭᠤᠪᠠᠯ ᠨᠢᠭᠡ ᠭᠡᠷ ᠪᠦᠯᠢ ᠶᠢ ᠶᠠᠳᠠᠭᠤ ᠠᠴᠠ ᠠᠩᠭᠢᠵᠢᠷᠠᠭᠤᠯᠬᠤ︾ ᠬᠠᠷᠠᠯᠲᠠ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦ ᠶᠢᠨ ᠠᠵᠢᠯ ᠣᠯᠵᠤ ᠶᠠᠳᠠᠭᠤ ᠠᠴᠠ ᠠᠩᠭᠢᠵᠢᠷᠠᠬᠤ ᠳᠤ ᠨᠢ ᠲᠤᠰᠠᠯᠠᠬᠤ ᠶᠢᠨ ᠲᠦᠯᠦᠭᠡ᠂ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠢᠨ ᠠᠯᠢ ᠤᠯᠠᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦ ᠳᠤ ᠠᠵᠢᠯ ᠣᠯᠭᠤᠬᠤ ᠰᠠᠶᠢᠨ ᠠᠷᠭ᠎ᠠ ᠵᠠᠮ ᠢ ᠢᠳᠡᠪᠬᠢᠲᠡᠢ ᠰᠦᠪᠡᠭᠴᠢᠯᠡᠪᠡ᠃ 1 ᠠᠴᠠ 6 ᠳ᠋ᠤᠭᠠᠷ ᠰᠠᠷ᠎ᠠ ᠳᠤ᠂ ᠪᠦᠬᠦ ᠬᠤᠲᠠ ᠶᠢᠨ ᠨᠡᠶᠢᠲᠡ 434 ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦ ᠠᠵᠢᠯ ᠣᠯᠭᠤᠯᠲᠠ ᠪᠠᠷ ᠶᠠᠳᠠᠭᠤ ᠠᠴᠠ ᠠᠩᠭᠢᠵᠢᠷᠠᠵᠤ᠂ ᠠᠵᠢᠯ ᠣᠯᠬᠤ ᠰᠠᠨᠠᠭᠠᠲᠠᠢ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦ ᠪᠦᠬᠦᠨ ᠢᠶᠠᠷ ᠢᠶᠠᠨ ᠠᠵᠢᠯ ᠣᠯᠪᠠ᠃       ᠣᠶᠢᠯᠠᠭᠠᠭᠰᠠᠨ ᠢᠶᠠᠷ᠂ ᠡᠨᠡ ᠵᠢᠯ ᠤᠨ ᠡᠬᠢᠨ ᠳᠤ᠂ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠨ ᠬᠢᠨ ᠶᠠᠳᠠᠭᠤ ᠶᠢ ᠲᠡᠳᠬᠦᠬᠦ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠠᠵᠢᠯ ᠢᠶᠠᠨ ᠵᠣᠯᠭᠠᠭᠤᠯᠵᠤ᠂ 1 ᠰᠠᠷ᠎ᠠ ᠶᠢᠨ ᠬᠤᠭᠤᠴᠠᠭ᠎ᠠ ᠪᠠᠷ ᠲᠥᠪᠯᠡᠷᠡᠭᠦᠯᠦᠨ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦ ᠶᠢ ᠪᠦᠬᠦᠨ ᠢ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠂ 5502 ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠤ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠂ ᠲᠡᠳᠡᠨ ᠤ ᠠᠵᠢᠯ ᠣᠯᠣᠭᠰᠠᠨ ᠪᠠᠶᠢᠳᠠᠯ᠂ ᠤᠷ᠎ᠠ ᠴᠢᠳᠠᠪᠤᠷᠢ ᠶᠢᠨ ᠪᠠᠶᠢᠳᠠᠯ ᠪᠠ ᠪᠣᠯᠪᠠᠰᠤᠷᠠᠭᠤᠯᠤᠯ ᠬᠦᠷᠲᠡᠬᠦ ᠰᠠᠨᠠᠭ᠎ᠠ ᠶᠢ ᠤᠯᠠᠮ ᠨᠢᠭᠡ ᠠᠯᠬᠤᠮ ᠣᠶᠢᠯᠠᠭᠠᠪᠠ᠃ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦ ᠶᠢᠨ ᠬᠥᠳᠡᠯᠮᠦᠷᠢ ᠶᠢᠨ ᠴᠢᠳᠠᠪᠤᠷᠢ᠂ ᠠᠵᠢᠯ ᠣᠯᠣᠭᠰᠠᠨ ᠪᠠᠶᠢᠳᠠᠯ ᠪᠠ ᠠᠵᠢᠯ ᠣᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠰᠢᠭᠰᠡᠨ ᠤ ᠰᠠᠭᠤᠷᠢᠨ ᠳᠡᠭᠡᠷ᠎ᠡ᠂ ᠬᠡᠰᠡᠭ ᠠᠵᠢᠯ ᠣᠯᠤᠭ᠎ᠠ ᠦᠭᠡᠢ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦ ᠶᠢᠨ ᠨᠠᠰᠤ ᠠᠬᠢᠭᠰᠠᠨ᠂ ᠰᠣᠶᠣᠯ ᠤᠨ ᠬᠡᠮᠵᠢᠶ᠎ᠡ ᠳᠣᠣᠷ᠎ᠠ ᠵᠡᠷᠭᠡ ᠣᠨᠴᠠᠯᠢᠭ ᠲᠤ ᠬᠠᠨᠳᠤᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠢ ᠳᠠᠶᠢᠴᠢᠯᠠᠨ ᠬᠥᠮᠥᠨ ᠬᠡᠷᠡᠭᠯᠡᠬᠦ ᠨᠥᠬᠦᠴᠡᠯ ᠢ ᠳᠣᠣᠷ᠎ᠠ ᠪᠣᠯᠭᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠠᠪᠴᠠᠩ ᠢᠶᠠᠷ ᠳᠠᠮᠵᠢᠨ᠂ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦ ᠲᠠᠢ ᠬᠠᠮᠢᠶ᠎ᠠ ᠲᠠᠢ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠰᠣᠩᠭᠤᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢᠶᠠᠷ ᠨᠡᠶᠢᠲᠡᠯᠡᠬᠦ᠂  ᠠᠵᠢᠯᠳᠠᠨ ᠥᠪᠡᠷ ᠢᠶᠠᠨ ᠬᠦᠷᠴᠦ ᠮᠡᠳᠡᠭᠳᠡᠬᠦ ᠵᠡᠷᠭᠡ ᠠᠷᠭ᠎ᠠ ᠬᠡᠯᠪᠡᠷᠢ ᠪᠠᠷ ᠮᠡᠳᠡᠭᠡ ᠵᠠᠩᠭᠢ ᠶᠢ ᠶᠠᠳᠠᠭᠤ ᠬᠦᠴᠢᠷᠳᠡᠯᠲᠡᠢ ᠡᠷᠦᠭᠡ ᠳᠤ ᠬᠦᠷᠭᠡᠪᠡ᠃ ᠡᠭᠦᠨ ᠤ ᠬᠠᠮᠲᠤ᠂ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦ ᠳᠤ ᠠᠵᠢᠯ ᠣᠯᠭᠤᠬᠤ ᠲᠤᠰᠬᠠᠢ ᠲᠠᠯᠠᠪᠠᠢ ᠠᠵᠢᠯᠴᠢᠨ ᠡᠯᠰᠡᠬᠦ ᠬᠤᠷᠠᠯ ᠢ 10 ᠤᠳᠠᠭ᠎ᠠ ᠡᠷᠬᠢᠯᠡᠨ᠂ 297 ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦ ᠳᠤ ᠣᠶᠢᠷ᠎ᠠ ᠬᠠᠪᠢ ᠶᠢᠨ ᠭᠠᠵᠠᠷ ᠲᠤᠨᠢ ᠠᠵᠢᠯ ᠣᠯᠭᠤᠪᠠ︔ ᠶᠠᠳᠠᠭᠤ ᠶᠢ ᠲᠡᠳᠬᠦᠬᠦ ᠰᠠᠭᠤᠷᠢᠨ ᠭᠠᠵᠠᠷ 8 ᠶᠢ ᠢᠳᠡᠪᠬᠢᠲᠡᠢ ᠬᠥᠮᠥᠵᠢᠭᠦᠯᠦᠨ ᠪᠤᠶᠢᠵᠢᠭᠤᠯᠵᠤ᠂ 30 ᠭᠠᠷᠤᠢ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠢ ᠰᠢᠩᠭᠡᠭᠡᠨ ᠠᠪᠴᠤ ᠠᠵᠢᠯ ᠣᠯᠭᠤᠵᠤ᠂ ᠰᠠᠷ᠎ᠠ ᠶᠢᠨ ᠳᠤᠮᠳᠠᠴᠢ ᠴᠠᠯᠢᠩ 3000 ᠲᠥᠭᠦᠷᠢᠭ ᠣᠷᠴᠢᠮ ᠬᠦᠷᠪᠡ᠃ ᠭᠡᠷ ᠠᠴᠠ ᠪᠠᠨ ᠰᠠᠯᠬᠤ ᠶᠢᠨ ᠠᠷᠭ᠎ᠠ ᠦᠭᠡᠢ᠂ ᠣᠯᠬᠤ ᠠᠵᠢᠯ ᠦᠭᠡᠢ᠂ ᠶᠠᠳᠠᠭᠤ ᠠᠴᠠ ᠠᠩᠭᠢᠵᠢᠷᠠᠬᠤ ᠴᠢᠳᠠᠯ ᠦᠭᠡᠢ ︽ᠭᠤᠷᠪᠠᠨ ᠦᠭᠡᠢ︾ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠦᠨᠳᠦᠰᠦᠨ ᠪᠠᠲᠤᠯᠠᠭ᠎ᠠ ᠪᠠᠷ ᠲᠣᠬᠢᠷᠠᠭᠤᠯᠵᠤ᠂ ᠡᠭᠦᠨ ᠤ ᠵᠡᠷᠭᠡ ᠪᠠᠷ ᠡᠯ᠎ᠡ ᠬᠤᠰᠢᠭᠤ ᠰᠢᠶᠠᠨ ᠲᠣᠭᠤᠷᠢᠭ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠬᠥᠮᠦᠨ ᠤ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠥᠮᠦᠨ ᠪᠠ ᠠᠵᠢᠯ ᠤᠨ ᠪᠠᠶᠢᠷᠢ ᠶᠢᠨ ᠳᠣᠭᠢᠷᠠᠯᠴᠠᠬᠤ ᠶᠢ ᠦᠨᠡᠨ ᠬᠦ ᠪᠠᠲᠤᠯᠠᠪᠠ᠃ ᠪᠦᠷᠢᠳᠬᠡᠯ ᠢ ᠦᠨᠳᠦᠰᠦᠯᠡᠪᠡᠯ᠂ 2020 ᠣᠨ ᠳᠤ᠂ ᠪᠥᠬᠦ ᠬᠤᠲᠠ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠰᠢᠨ᠎ᠡ ᠪᠠᠷ ᠨᠡᠭᠡᠭᠡᠨ ᠲᠤᠬᠢᠷᠠᠭᠤᠯᠬᠤ ᠬᠡᠯᠪᠡᠷᠢ ᠪᠠᠷ 306 ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠳᠥᠪᠭᠢᠨᠡᠭᠦᠯᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号