ᠾᠧ ᠬᠠᠢ ᠳ᠋ᠦᠩ ᠣᠷᠣᠯᠴᠠᠪᠠ | ︵ᠰᠤᠷᠪᠤᠯᠵᠢᠯᠠᠭᠴᠢ ᠹᠧᠩ ᠶᠠᠨ ᠫᠢᠩ︶ 5 ᠳ᠋ᠤᠭᠠᠷ ᠰᠠᠷ᠎ᠠ ᠶᠢᠨ 30 ᠤ ᠣᠷᠣᠢ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ | ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠴᠠᠭᠠᠵᠠ | ᠳᠦᠷᠢᠮ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠵᠢᠷᠭᠤᠳᠤᠭᠠᠷ | ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠤᠨ ᠰᠠᠭᠤᠭ᠎ᠠ ᠭᠠᠵᠠᠷ ᠲᠤ ᠭᠦᠨᠵᠡᠭᠡᠶᠢᠷᠡᠵᠦ᠂ ᠮᠠᠨ ᠤ ᠬᠤᠲᠠ ᠶᠢᠨ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠴᠠᠭᠠᠵᠠ ᠳᠦᠷᠢᠮ ᠲᠣᠭᠲᠠᠭᠠᠯ ᠢ ᠵᠥᠷᠢᠴᠡᠭᠰᠡᠨ | ᠠᠰᠠᠭᠤᠳᠠᠯ ᠢ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ | ᠰᠢᠮᠳᠠᠭᠤᠯᠤᠨ ᠵᠢᠯᠣᠭᠤᠳᠪᠠ᠃ | ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠴᠠᠭᠠᠵᠠ | ᠳᠦᠷᠢᠮ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠵᠢᠷᠭᠤᠳᠤᠭᠠᠷ | ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠤ ᠰᠢᠦ | ᠴᠤᠸᠠᠨ ᠤ ᠲᠥᠪ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠴᠠᠭᠠᠵᠠ ᠳᠦᠷᠢᠮ | ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠠᠵᠢᠯ ᠤᠨ ᠲᠤᠬᠠᠢ | ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ ᠵᠢᠭᠠᠵᠤ ᠭᠠᠷᠭᠠᠭᠰᠠᠨ ᠨᠢ᠂ ᠥᠪᠡᠷᠲᠡᠭᠡᠨ | ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠴᠠᠭᠠᠵᠠ ᠳᠦᠷᠢᠮ ᠲᠣᠭᠲᠠᠭᠠᠯ ᠢ | ᠵᠥᠷᠢᠴᠡᠭᠰᠡᠨ ᠠᠰᠠᠭᠤᠳᠠᠯ ᠢ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠠᠵᠢᠯ ᠪᠣᠯ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠠᠴᠠ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ | ᠲᠥᠷᠥ ᠶᠢᠨ ᠡᠭᠦᠷᠭᠡ ᠮᠥᠨ᠂ ᠨᠢᠭᠡᠨ ᠶᠡᠭᠡ ᠤᠴᠢᠷ᠂ ᠬᠦᠴᠢᠷ ᠤᠴᠢᠷ ᠮᠥᠷᠲᠡᠭᠡᠨ ᠮᠥᠨᠴᠦ ᠨᠢᠭᠡᠨ ᠰᠠᠶᠢᠨ | ᠤᠴᠢᠷ ᠶᠤᠮ ᠭᠡᠵᠡᠢ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠲᠥᠪ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ | ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠨᠢᠯᠲᠠ ᠪᠠᠨ ᠪᠦᠬᠦ | ᠲᠠᠯ᠎ᠠ ᠪᠠᠷ ᠭᠦᠨᠵᠡᠭᠡᠶᠢᠷᠡᠭᠦᠯᠦᠨ᠂ ᠠᠵᠢᠯ ᠳᠡᠭᠡᠷ᠎ᠡ ᠪᠠᠨ ᠪᠦᠬᠦ ᠲᠠᠯ᠎ᠠ ᠪᠠᠷ ᠳᠠᠭᠠᠵᠤ᠂ ᠴᠢᠩᠭ᠎ᠠ ᠤᠯᠤᠰ ᠲᠥᠷᠥ ᠶᠢᠨ | ᠬᠠᠷᠢᠭᠤᠴᠠᠯᠭᠠᠳᠤ ᠣᠪᠤᠷ ᠢᠶᠠᠷ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠴᠢᠩᠭ᠎ᠠ | ᠠᠳᠬᠤᠵᠤ᠂ ᠴᠡᠭᠴᠡᠯᠡᠨ ᠵᠠᠰᠠᠬᠤ ᠪᠣᠳᠠᠲᠠᠢ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ | ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ | ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠰᠠᠭᠤᠳᠠᠯ ᠢ ᠦᠨᠡᠨ ᠬᠦ ᠪᠦᠬᠦᠨ ᠢ ᠪᠠᠶᠢᠴᠠᠭᠠᠵᠤ ᠭᠦᠨᠴᠡ | ᠲᠠᠢ ᠪᠠᠶᠢᠴᠠᠭᠠᠵᠤ ᠣᠨᠣᠪᠴᠢᠲᠠᠢ ᠪᠠᠶᠢᠴᠠᠭᠠᠵᠤ ᠪᠤᠳᠠᠳᠠᠢ ᠪᠠᠶᠢᠴᠠᠭᠠᠵᠤ᠂ ᠲᠤᠰᠬᠠᠢ ᠲᠥᠷᠥᠯ ᠢᠶᠠᠷ ᠴᠡᠭᠴᠡᠯᠡᠨ | ᠵᠠᠰᠠᠬᠤ ᠠᠵᠢᠯ ᠳᠤ ᠦᠨᠡᠨ ᠠᠴᠠ ᠵᠥᠪ ᠢ ᠡᠷᠢᠵᠦ᠂ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ᠂ ᠪᠤᠷᠤᠭᠤ | ᠭᠠᠷᠭᠠᠬᠤ ᠦᠭᠡᠢ᠂ ᠲᠡᠦᠬᠡ ᠶᠢᠨ ᠪᠠᠶᠢᠴᠠᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠠᠰᠠᠭᠤᠳᠠᠯ ᠢ | ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠨ᠂ ᠪᠠᠶᠢᠴᠠᠭᠠᠬᠤ ᠶᠢᠨ ᠳᠠᠭᠠᠤ ᠥᠭᠡᠷᠡᠴᠢᠯᠡᠵᠦ᠂ ᠠᠵᠢᠯ ᠤᠨ | ᠳᠤᠮᠳᠠ ᠪᠠᠨ ᠥᠭᠡᠷᠡᠴᠢᠯᠡᠵᠦ᠂ ᠲᠤᠶᠢᠯᠪᠤᠷᠢᠲᠠᠢ ᠴᠡᠭᠴᠡᠯᠡᠨ ᠵᠠᠰᠠᠬᠤ ᠬᠡᠷᠡᠭᠲᠡᠢ᠃ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠴᠢᠩᠭ᠎ᠠ ᠪᠣᠳᠠᠲᠠᠶᠢᠵᠢᠭᠤᠯᠤᠨ᠂ ᠰᠢᠮᠳᠠᠭᠤᠯᠤᠨ ᠵᠢᠯᠣᠭᠤᠳᠬᠤ ᠳᠤᠭᠤᠶᠢᠯᠠᠩ ᠯᠤᠭ᠎ᠠ ᠶᠢᠨ ᠨᠡᠪᠲᠡᠷᠡᠯᠴᠡᠭᠡ | ᠵᠣᠬᠢᠴᠠᠭᠤᠯᠭ᠎ᠠ ᠪᠠᠨ ᠴᠢᠩᠭᠠᠳᠬᠠᠨ᠂ ᠴᠡᠭᠴᠡᠯᠡᠨ ᠵᠠᠰᠠᠬᠤ ᠨᠡᠶᠢᠯᠡᠯ ᠬᠦᠴᠦᠨ ᠢ ᠪᠦᠷᠢᠯᠳᠦᠭᠦᠯᠵᠦ᠂ ᠲᠤᠰᠬᠠᠢ | ᠲᠥᠷᠥᠯ ᠢᠶᠠᠷ ᠴᠡᠭᠴᠡᠯᠡᠨ ᠵᠠᠰᠠᠬᠤ ᠠᠵᠢᠯ ᠳᠤ ᠪᠣᠳᠠᠲᠠᠢ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ | ᠬᠡᠷᠡᠭᠲᠡᠢ ᠭᠡᠪᠡ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ | ᠳᠠᠬᠢ ᠬᠠᠤᠯᠢ ᠴᠠᠭᠠᠵᠠ ᠳᠦᠷᠢᠮ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠲᠤᠰᠬᠠᠢ ᠲᠥᠷᠥᠯ ᠢᠶᠠᠷ ᠴᠡᠭᠴᠡᠯᠡᠨ | ᠵᠠᠰᠠᠬᠤ ᠵᠢᠷᠭᠤᠳᠤᠭᠠᠷ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ 5 ᠳ᠋ᠤᠭᠠᠷ ᠰᠠᠷ᠎ᠠ ᠶᠢᠨ 7 ᠤ ᠡᠳᠦᠷ | ᠮᠠᠨ ᠤ ᠬᠤᠲᠠ ᠳᠤ ᠤᠷᠤᠵᠤ ᠰᠠᠭᠤᠨ᠂ ᠬᠤᠶᠠᠷ ᠰᠠᠷ᠎ᠠ ᠶᠢᠨ ᠬᠤᠭᠤᠴᠠᠭ᠎ᠠ ᠪᠦᠬᠦᠢ ᠬᠠᠷᠭᠤᠭᠤᠯᠤᠨ ᠪᠠᠶᠢᠴᠠᠭᠠᠬᠤ | ᠠᠵᠢᠯ ᠢ ᠬᠢᠬᠦ ᠪᠣᠯᠣᠨ᠎ᠠ᠃ | ᠬᠤᠲᠠ ᠶᠢᠨ ᠤᠳᠤᠷᠢᠳᠤᠯᠭ᠎ᠠ ᠾᠧ ᠬᠠᠢ ᠳ᠋ᠦᠩ᠂ ᠴᠠᠩ ᠫᠧᠢ ᠵᠦᠩ᠂ ᠪᠠᠢ ᠶᠦᠩ ᠫᠢᠩ᠂ ᠦ᠋ ᠸᠧᠨ | ᠮᠢᠩ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠬᠤ ᠳᠤ ᠣᠷᠣᠯᠴᠠᠪᠠ᠃ |