ᠬᠦᠬᠡᠬᠤᠲᠠ ᠵᠢᠨ ᠶᠠᠫᠤᠨ ᠢ ᠡᠰᠡᠷᠬᠦᠴᠡᠭᠰᠡᠨ ᠲᠡᠦᠭᠡ ︵ᠬᠤᠶᠠᠷ︶ ᠶᠠᠫᠤᠨ ᠤ ᠹᠠᠱᠢᠰ ᠤᠨ ᠨᠤᠶᠠᠷᠬᠠᠯ
ᠨᠡᠶᠢᠲᠡᠯᠡᠭᠰᠡᠨ ᠴᠠᠭ᠄
2020-06-02
     ᠶᠠᠫᠤᠨ ᠡᠵᠡᠷᠭᠡᠭ ᠲᠦᠷᠢᠮᠡᠬᠡᠶᠢᠲᠡᠨ ᠬᠦᠬᠡᠬᠤᠳᠠ ᠵᠢ ᠡᠵᠡᠯᠡᠭᠰᠡᠨ ᠦ ᠲᠠᠷᠠᠭ᠎ᠠ᠂ ᠮᠠᠰᠢ ᠲᠦᠷᠭᠡᠨ ᠹᠠᠰᠢᠰ ᠤᠨ ᠺᠤᠯᠤᠨᠢᠴᠢᠯᠠᠯ ᠤᠨ ᠡᠵᠡᠷᠭᠡᠭᠯᠡᠯ ᠶᠠᠪᠤᠭᠤᠯᠵᠤ᠂ ᠬᠦᠬᠡᠬᠤᠲᠠ ᠨᠢ ᠶᠠᠫᠤᠨ ᠡᠵᠡᠷᠭᠡᠭ ᠲᠦᠷᠢᠮᠡᠭᠡᠶᠢᠲᠡᠨ ᠦ ᠦᠪᠦᠷ ᠮᠤᠩᠭᠤᠯ ᠤᠨ ᠪᠠᠷᠠᠭᠤᠨ ᠤᠷᠤᠨ ᠢ ᠡᠵᠡᠯᠡᠵᠦ᠂ ᠬᠠᠭᠤᠷᠮᠠᠭ ᠮᠤᠩᠭᠤᠯ ᠬᠢᠵᠠᠭᠠᠷ ᠦᠨ ᠵᠠᠰᠠᠭ ‍ᠤᠨ ᠡᠷᠬᠡ ᠪᠠᠨ ᠪᠠᠶᠢᠭᠤᠯᠬᠤ ᠲᠥᠪ ᠪᠤᠯᠤᠭᠰᠠᠨ ᠪᠠᠶᠢᠨ᠎ᠠ᠃ ᠮᠦᠨᠴᠦ ᠮᠠᠨ ᠤ ᠤᠯᠤᠰ ᠤᠨ ᠪᠠᠷᠠᠭᠤᠨ ᠬᠤᠶᠢᠳᠤ ᠤᠷᠤᠨ᠂ ᠶᠠᠫᠤᠨ ᠢ ᠡᠰᠡᠷᠭᠦᠴᠡᠬᠦ ᠭᠤᠯᠤᠮᠳᠠ ᠤᠷᠤᠨ ᠱᠠᠨᠰᠢ ᠭᠠᠨᠰᠤ ᠨᠢᠩᠰᠢᠶᠠ ᠵᠢᠨ ᠬᠢᠵᠠᠭᠠᠷ ᠤᠷᠤᠨ᠂ ᠪᠥᠭᠦᠳᠡ ᠨᠠᠶᠢᠷᠠᠮᠳᠠᠬᠤ ᠮᠤᠩᠭᠤᠯ ᠠᠷᠠᠳ ᠤᠯᠤᠰ ᠪᠠ  ᠵᠦᠪᠯᠡᠯᠲᠦ ᠵᠢ ᠲᠠᠭᠠᠷᠢᠬᠤ ᠰᠠᠭᠤᠷᠢᠨ ᠭᠠᠵᠠᠷ ᠪᠤᠯᠤᠭᠰᠠᠨ ᠪᠠᠶᠢᠨ᠎ᠠ᠃      ᠶᠠᠫᠤᠨ ᠡᠵᠡᠷᠭᠡᠭ ᠲᠦᠷᠢᠮᠡᠬᠡᠶᠢᠲᠡᠨ ᠦ ᠦᠪᠦᠷ ᠮᠤᠩᠭᠤᠯ ᠤᠨ ᠪᠠᠷᠠᠭᠤᠨ ᠤᠷᠤᠨ ᠳᠤ ᠶᠠᠪᠤᠭᠤᠯᠤᠭᠰᠠᠨ ᠺᠤᠯᠤᠨᠢᠴᠢᠯᠠᠯ ᠤᠨ ᠠᠷᠭ᠎ᠠ ᠪᠠᠷᠢᠯ ᠨᠢ ᠮᠠᠨ ᠤ ᠤᠯᠤᠰ ᠤᠨ ᠵᠡᠭᠦᠨ ᠬᠤᠶᠢᠳᠤ ᠤᠷᠤᠨ ᠪᠠ ᠦᠪᠦᠷ ᠮᠤᠩᠭᠤᠯ ‍ᠤᠨ ᠵᠡᠭᠦᠨ ᠤᠷᠤᠨ ᠳᠤ ᠶᠠᠪᠤᠭᠤᠯᠤᠭᠰᠠᠨ ᠺᠤᠯᠤᠨᠢᠴᠢᠯᠠᠯ ᠲᠠᠢ ᠠᠳᠠᠯᠢᠬᠠᠨ᠂ ᠴᠦᠮ ᠬᠠᠭᠤᠷᠮᠠᠭ ᠵᠠᠰᠠᠭ ᠪᠠᠶᠢᠭᠤᠯᠬᠤ ᠪᠡᠷ ᠲᠠᠮᠵᠢᠨ ᠡᠵᠡᠷᠬᠡᠬᠦ ᠶᠠᠪᠤᠳᠠᠯ ᠪᠣᠯᠣᠨ᠎ᠠ᠃      1936 ᠣᠨ ᠤ 5 ᠳ᠋ᠤᠭᠠᠷ ᠰᠠᠷ᠎ᠠ ᠳᠤ ᠬᠤᠸᠠᠳᠧ ᠳ᠋ᠦ ᠬᠠᠭᠤᠷᠮᠠᠭ ︽ᠮᠤᠩᠭᠤᠯ ᠤᠨ ᠴᠡᠷᠢᠭ ‍ᠤᠨ ᠵᠠᠰᠠᠭ ᠤᠨ ᠭᠠᠵᠠᠷ︾ ᠪᠠᠶᠢᠭᠤᠯᠤᠭᠰᠠᠨ ᠡᠴᠠ ᠭᠠᠳᠠᠨ᠎ᠠ᠂ ᠶᠠᠫᠤᠨ ᠲᠦᠷᠢᠮᠡᠬᠡᠢ ᠴᠡᠷᠢᠭ 8 ᠳ᠋ᠤᠭᠠᠷ ᠰᠠᠷ᠎ᠠ ᠵᠢᠨ 27 ᠦ ᠡᠳᠦᠷ ᠴᠢᠭᠤᠯᠤᠯᠳᠤ ᠬᠠᠭᠠᠯᠭ᠎ᠠ ᠵᠢ ᠡᠵᠡᠯᠡᠭᠰᠡᠨ ᠦ ᠲᠠᠷᠠᠭ᠎ᠠ᠂ 9 ᠳ᠋ᠤᠭᠡᠷ ᠰᠠᠷ᠎ᠠ ᠵᠢᠨ 4 ᠦ ᠡᠳᠦᠷ ᠴᠢᠭᠤᠯᠤᠯᠳᠤ ᠬᠠᠭᠠᠯᠭ᠎ᠠ ᠳᠤ ᠬᠠᠭᠤᠷᠮᠠᠭ ᠴᠠᠬᠠᠷ ᠤᠨ ᠡᠮᠦᠨᠡᠳᠦ ᠬᠡᠰᠡᠭ ᠦᠨ ᠥᠪᠡᠷᠲᠡᠭᠡᠨ ᠵᠠᠰᠠᠬᠤ ᠵᠠᠰᠠᠭ ᠤᠨ ᠭᠠᠵᠠᠷ ᠢ ᠪᠠᠶᠢᠭᠤᠯᠵᠤ᠂10 ᠳ᠋ᠤᠭᠠᠷ ᠰᠠᠷ᠎ᠠ ᠵᠢᠨ15 ᠦ ᠡᠳᠦᠷ ᠳ᠋ᠠᠲ᠋ᠦ᠋ᠩ ᠳᠤ ᠬᠠᠭᠤᠷᠮᠠᠭ ᠱᠠᠨ ᠰᠢ ᠵᠢᠨ ᠬᠤᠶᠢᠳᠤ ᠬᠡᠰᠡᠭ ᠦᠨ ᠦᠪᠡᠷᠲᠡᠭᠡᠨ ᠵᠠᠰᠠᠬᠤ ᠵᠠᠰᠠᠭ ᠤᠨ ᠭᠠᠵᠠᠷ ᠢ ᠪᠠᠶᠢᠭᠤᠯᠵᠠᠢ᠃ ᠮᠠᠰᠢ ᠪᠠᠴᠢᠮ ᠲᠦᠯᠦᠪᠯᠡᠭᠰᠡᠨ ᠦ ᠲᠠᠷᠠᠭ᠎ᠠ᠂ ᠶᠠᠫᠤᠨ ᠤ ᠴᠡᠷᠢᠭ 10 ᠳ᠋ᠤᠭᠠᠷ ᠰᠠᠷ᠎ᠠ ᠵᠢᠨ 27 ᠦ ᠡᠳᠦᠷ ᠬᠦᠬᠡᠬᠤᠲᠠ ᠳᠤ ᠬᠤᠶᠠᠳᠤᠭᠠᠷ ᠤᠳᠠᠭᠠᠨ ᠤ ᠮᠤᠩᠭᠤᠯ ᠤᠨ ᠶᠡᠭᠡ ᠬᠤᠷᠠᠯ ᠭᠡᠳᠡᠭ ᠬᠤᠷᠠᠯ ᠢ ᠬᠤᠷᠠᠯᠳᠤᠭᠤᠯᠵᠤ᠂ ᠦᠪᠦᠷ ᠮᠤᠩᠭᠤᠯ ᠤᠨ ᠪᠠᠷᠠᠭᠤᠨ ᠤᠷᠤᠨ ᠤ ᠶᠠᠫᠤᠨ ᠳᠤ ᠡᠵᠡᠯᠡᠭᠳᠡᠭᠰᠡᠨ ᠶᠡᠬᠡᠩᠭᠢ ᠠᠶᠢᠮᠠᠭ ᠬᠤᠰᠢᠭᠤᠳ ᠤᠨ ᠸᠠᠩ ᠭᠦᠩ᠂ ᠶᠡᠷᠦᠩᠬᠡᠢ ᠬᠠᠮᠢᠶᠠᠷᠤᠭᠴᠢ᠂ ᠠᠶᠢᠮᠠᠭ ᠤᠨ ᠲᠠᠷᠤᠭ᠎ᠠ ᠠᠶᠢᠮᠠᠭ ᠤᠨ ᠲᠡᠳ᠋ ᠲᠠᠷᠤᠭ᠎ᠠ᠂ ᠬᠤᠰᠢᠭᠤ ᠵᠢᠨ ᠵᠠᠰᠠᠭ᠂ ᠡᠯ᠎ᠡ ᠰᠢᠶᠠᠨ ᠤ ᠲᠠᠷᠤᠭ᠎ᠠ᠂ ᠤᠤᠯ ᠤᠨ ᠬᠠᠭᠤᠷᠮᠠᠭ ᠮᠤᠩᠭᠤᠯ ‍ᠤᠨ ᠴᠡᠷᠢᠭ ᠤᠨ ᠵᠠᠰᠠᠭ ᠤᠨ ᠭᠠᠵᠠᠷ ᠤᠨ ᠲᠡᠷᠢᠭᠦᠯᠡᠭᠴᠢ᠂ ᠶᠡᠷᠦᠩᠬᠡᠢ ᠵᠠᠬᠢᠷᠤᠭᠴᠢ᠂ ᠬᠡᠯᠲᠡᠰ ᠦᠨ ᠲᠠᠷᠤᠭ᠎ᠠ᠂ ᠵᠦᠪᠯᠡᠭᠴᠢ᠂ ᠭᠡᠰᠢᠭᠦᠨ᠂ ᠮᠤᠩᠭᠤᠯ ᠴᠡᠷᠢᠭ ᠦᠨ ᠶᠡᠷᠦᠩᠬᠡᠢ ᠰᠧᠯᠢᠩ᠂ ᠱᠲ᠋ᠠᠪ ᠤᠨ ᠲᠠᠷᠤᠭ᠎ᠠ᠂ ᠲᠡᠳ᠋ ᠱᠲ᠋ᠠᠪ ᠤᠨ ᠲᠠᠷᠤᠭ᠎ᠠ᠂ ᠡᠯ᠎ᠡ ᠳ᠋ᠢᠸᠢᠽᠢ ᠵᠢᠨ ᠲᠠᠷᠤᠭ᠎ᠠ ᠵᠡᠷᠭᠡ ᠨᠡᠶᠢᠲᠡ129 ᠬᠦᠮᠦᠨ ︵12 ᠬᠦᠮᠦᠨ ᠰᠤᠯᠠ ᠤᠷᠤᠯᠴᠠᠪᠠ︶ ᠢ ᠣᠷᠤᠯᠴᠠᠭᠤᠯᠵᠠᠢ᠃ ᠶᠠᠫᠤᠨ ᠡᠵᠡᠷᠭᠡᠭ ᠲᠦᠷᠢᠮᠡᠬᠡᠶᠢᠲᠡᠨ ᠬᠠᠭᠤᠷᠮᠠᠭ ᠮᠤᠩᠭᠤᠯ ᠤᠨ ᠴᠡᠷᠢᠭ ᠦᠨ ᠵᠠᠰᠠᠭ ᠤᠨ ᠤᠷᠳᠤᠨ ᠢ ︽ᠮᠤᠩᠭᠤᠯ ᠤᠨ ᠬᠠᠮᠳᠤᠷᠠᠭᠰᠠᠨ ᠦᠪᠡᠷᠲᠡᠭᠡᠨ ᠵᠠᠰᠠᠬᠤ ᠵᠠᠰᠠᠭ ᠤᠨ ᠭᠠᠵᠠᠷ︾ ᠪᠤᠯᠭᠠᠨ ᠦᠭᠡᠷᠡᠴᠢᠯᠡᠵᠦ᠂ ᠮᠤᠩᠭᠤᠯ ᠤᠨ ᠸᠠᠩ ᠭᠦᠩ ᠦᠨ ᠲᠡᠭᠡᠳᠦ ᠲᠠᠪᠬᠤᠷᠭ᠎ᠠ ᠵᠢᠨ ᠲᠤᠳᠤᠷ᠎ᠠ ᠨᠡᠯᠢᠶᠡᠳ ᠨᠡᠷ᠎ᠡ ᠲᠥᠷᠥ ᠲᠠᠢ ᠴᠤ ᠶᠡᠭᠡ ᠬᠤᠷᠠᠯ ᠳᠤ ᠤᠷᠤᠯᠴᠠᠭᠰᠠᠨ ᠦᠭᠡᠢ ᠤᠯᠠᠭᠠᠨᠴᠠᠪ ᠠᠶᠢᠮᠠᠭ ᠤᠨ ᠲᠠᠷᠤᠭ᠎ᠠ ᠶᠤᠨᠳᠤᠨᠸᠠᠩᠴᠤᠭ ᠢ ᠲᠡᠷᠢᠭᠦᠯᠡᠭᠴᠢ ᠪᠡᠷ ᠰᠤᠩᠭᠤᠵᠤ᠂ ᠳ᠋ᠧ ᠸᠠᠩ ᠲᠡᠳ᠋ ᠲᠡᠷᠢᠭᠦᠯᠡᠭᠴᠢ ᠪᠦᠭᠡᠳ ᠵᠠᠰᠠᠭ ᠤᠨ ᠶᠠᠪᠤᠳᠠᠯ ᠤᠨ ᠬᠤᠷᠢᠶ᠎ᠠ ᠵᠢᠨ ᠬᠤᠷᠢᠶᠠᠨ ᠲᠠᠷᠤᠭ᠎ᠠ ᠵᠢᠨ ᠲᠤᠰᠢᠶᠠᠯ ᠢ ᠬᠠᠪᠰᠤᠷᠭᠠᠨ ᠬᠠᠷᠢᠭᠤᠴᠠᠪᠠ᠃ ᠯᠢ ᠱᠸᠦ ᠰᠢᠨ ᠮᠤᠩᠭᠤᠯ ᠴᠡᠷᠢᠭ ᠦᠨ ᠶᠡᠷᠦᠩᠬᠡᠢ ᠰᠧᠯᠢᠩ ᠵᠶᠡᠷ ᠲᠡᠪᠰᠢᠪᠡ᠃ ᠡᠨᠡ ᠨᠢ ᠦᠨᠡᠨ ᠲᠡᠭᠡᠷ᠎ᠡ ᠪᠠᠨ ᠶᠠᠫᠤᠨ ᠲᠦᠷᠢᠮᠡᠬᠡᠶᠢᠳᠡᠨ ᠦ ᠦᠳᠦᠭᠡᠯᠭᠡ ᠲᠤᠤᠷ᠎ᠠ ᠳ᠋ᠧ ᠸᠠᠩ ᠯᠢ ᠱᠸᠦ ᠰᠢᠨ ᠡᠨᠡᠬᠦ ᠮᠠᠨᠤᠤᠯ ᠵᠠᠰᠠᠭ ᠤᠨ ᠴᠡᠷᠢᠭ ᠦᠨ ᠡᠷᠬᠡ ᠵᠢ ᠠᠳᠬᠤᠭᠰᠠᠨ ᠶᠠᠪᠤᠳᠠᠯ ᠪᠤᠯᠵᠤ᠂ ᠲᠡᠳᠡ ᠬᠤᠶᠠᠭᠤᠯᠠ ᠵᠢᠩᠭᠢᠨᠢ ᠮᠤᠩᠭᠤᠯ ᠤᠨ ᠵᠠᠯᠢᠬᠠᠢ ᠪᠤᠯᠤᠭᠰᠠᠨ ᠶᠤᠮ᠃11 ᠳ᠋ᠤᠭᠡᠷ ᠰᠠᠷ᠎ᠠ ᠵᠢᠨ 22 ᠤᠨ ᠡᠳᠦᠷ᠂ ᠶᠠᠫᠤᠨ ᠲᠡᠭᠡᠷᠡᠮ ︽ᠮᠤᠩᠭᠤᠯ ᠤᠨ ᠬᠠᠮᠳᠤᠷᠠᠭᠰᠠᠨ ᠦᠪᠡᠷᠲᠡᠭᠡᠨ ᠵᠠᠰᠠᠬᠤ ᠵᠠᠰᠠᠭ ᠤᠨ ᠭᠠᠵᠠᠷ ︾ ᠪᠠ ︽ᠴᠠᠬᠠᠷ ᠤᠨ ᠡᠮᠦᠨᠡᠲᠦ ᠭᠡᠰᠡᠭ ᠦᠨ ᠦᠪᠡᠷᠲᠡᠭᠡᠨ ᠵᠠᠰᠠᠬᠤ ᠵᠠᠰᠠᠭ ᠤᠨ ᠭᠠᠵᠠᠷ︾ ︽ᠱᠠᠨ ᠰᠢ ᠵᠢᠨ ᠬᠤᠶᠢᠳᠤ ᠬᠡᠰᠡᠭ ᠦᠨ ᠦᠪᠡᠷᠲᠡᠭᠡᠨ ᠵᠠᠰᠠᠬᠤ ᠵᠠᠰᠠᠭ ᠤᠨ ᠭᠠᠵᠠᠷ︾ ᠭᠤᠷᠪᠠ ᠵᠢ ︽ᠮᠤᠩᠭᠤᠯ ᠬᠢᠵᠠᠭᠠᠷ ᠤᠨ ᠬᠤᠯᠪᠤᠭᠠᠳᠤ ᠵᠦᠪᠯᠡᠯ︾ ᠪᠤᠯᠭᠠᠨ ᠨᠡᠶᠢᠯᠡᠭᠦᠯᠵᠡᠢ᠂ ᠡᠨᠡ ᠨᠢ ᠮᠦᠨᠴᠦ ᠨᠢᠭᠡᠳᠦᠯᠳᠡᠢ ᠬᠠᠭᠤᠷᠮᠠᠭ ︽ᠮᠣᠩᠭᠤᠯ ᠬᠢᠵᠠᠭᠠᠷ ᠤᠨ ᠵᠠᠰᠠᠭ ᠤᠨ ᠡᠷᠬᠡ︾ ᠵᠢ ᠪᠦᠷᠢᠯᠳᠦᠭᠦᠯᠬᠦ ᠵᠢᠨ ᠠᠩᠬᠠᠨ ᠤ ᠠᠯᠬᠤᠮ ᠪᠤᠯᠤᠭᠰᠠᠨ ᠪᠠᠶᠢᠪᠠ᠃ 1983 ᠤᠨ ᠤ 8 ᠳ᠋ᠤᠭᠠᠷ ᠰᠠᠷ᠎ᠠ ᠳᠤ ᠶᠤᠨᠳᠤᠨᠸᠠᠩᠴᠤᠭ ᠡᠪᠡᠳᠴᠢᠨ ᠵᠶᠡᠷ ᠨᠠᠰᠤ ᠪᠠᠷᠠᠭᠰᠠᠨ ᠤ ᠳᠠᠷᠠᠭ᠎ᠠ᠂ ᠳ᠋ᠧ ᠸᠠᠩ ᠢ ᠮᠤᠩᠭᠤᠯ ᠤᠨ ᠬᠠᠮᠳᠤᠷᠠᠭᠰᠠᠨ ᠦᠪᠡᠷᠲᠡᠭᠡᠨ ᠵᠠᠰᠠᠬᠤ ᠵᠠᠰᠠᠭ ᠤᠨ ᠭᠠᠵᠠᠷ ᠤᠨ ᠲᠡᠷᠢᠭᠦᠯᠡᠭᠴᠢ ᠵᠢᠨ ᠪᠠᠶᠢᠷᠢᠨ ᠳᠤ ᠲᠡᠪᠰᠢᠭᠦᠯᠵᠦ᠂ ᠯᠢ ᠱᠸᠦ ᠰᠢᠨ ᠴᠤ ᠲᠡᠳ᠋ ᠲᠡᠷᠢᠭᠦᠯᠡᠭᠴᠢ ᠪᠤᠯᠵᠠᠢ᠃1939 ᠣᠨ ᠤ 9 ᠳ᠋ᠤᠭᠡᠷ ᠰᠠᠷ᠎ᠠ ᠵᠢᠨ1 ᠦ ᠡᠳᠦᠷ᠂ ᠮᠤᠩᠭᠤᠯ ᠬᠢᠵᠠᠭᠠᠷ ᠤᠨ ᠬᠤᠯᠪᠤᠭᠠᠳᠤ ᠵᠦᠪᠯᠡᠯ ᠦᠨ ᠰᠠᠭᠤᠷᠢᠨ ᠲᠡᠭᠡᠷ᠎ᠡ ᠲᠡᠭᠡᠷ᠎ᠡ ᠲᠤᠷᠠᠳᠤᠭᠰᠠᠨ ᠭᠤᠷᠪᠠᠨ ᠬᠠᠭᠤᠷᠮᠠᠭ ᠵᠠᠰᠠᠭ ᠤᠨ ᠡᠷᠬᠡ ᠵᠢ ᠨᠡᠶᠢᠯᠡᠭᠦᠯᠦᠭᠡᠳ ︽ᠮᠤᠩᠭᠤᠯ ᠤᠨ ᠦᠪᠡᠷᠲᠡᠭᠡᠨ ᠵᠠᠰᠠᠬᠤ ᠬᠤᠯᠪᠤᠭᠠᠳᠤ ᠵᠠᠰᠠᠭ ᠤᠨ ᠭᠠᠵᠠᠷ︾ ᠪᠤᠯᠭᠠᠵᠤ᠂ ᠳ᠋ᠧ ᠸᠠᠩ ᠲᠡᠷᠢᠭᠦᠯᠡᠭᠴᠢ ᠵᠢᠨ ᠲᠤᠰᠢᠶᠠᠯ ᠢ ᠬᠠᠷᠢᠭᠤᠴᠠᠨ᠂ ᠢᠥᠢ ᠫᠢᠨ ᠴᠢᠩ᠂ ᠰᠢᠶᠠ ᠭᠦᠩ ᠲᠡᠳ᠋ ᠲᠡᠷᠢᠭᠦᠯᠡᠭᠴᠢ ᠪᠡᠷ ᠰᠠᠭᠤᠵᠤ᠂ ᠯᠢ ᠱᠸᠦ ᠰᠢᠨ ᠦᠷᠬᠦᠯᠵᠢᠯᠡᠨ ᠮᠤᠩᠭᠤᠯ ᠴᠡᠷᠢᠭ ᠦᠨ ᠶᠡᠷᠦᠩᠬᠡᠢ ᠰᠧᠯᠢᠩ ᠦᠨ ᠲᠤᠰᠢᠶᠠᠯ ᠵᠶᠡᠨ ᠬᠠᠷᠢᠭᠤᠴᠠᠪᠠ᠃ ᠡᠭᠦᠨ ᠡᠴᠡ ᠡᠬᠢᠯᠡᠵᠦ ᠴᠢᠭᠤᠯᠤᠯᠲᠤ ᠬᠠᠭᠠᠯᠭ᠎ᠠ ᠮᠤᠩᠭᠤᠯ ᠬᠢᠵᠠᠭᠠᠷ ᠤᠨ ᠮᠠᠨᠤᠤᠯ ᠵᠠᠰᠠᠭ ᠤᠨ ᠲᠥᠪ ᠪᠤᠯᠤᠭᠰᠠᠨ ᠪᠠᠶᠢᠪᠠ᠃ ᠳᠠᠷᠠᠭ᠎ᠠ ᠪᠡᠷ ᠨᠢ 1941 ᠤᠨ ᠳᠤ ︽ᠮᠤᠩᠭᠤᠯ ᠤᠨ ᠬᠤᠯᠪᠤᠭᠠᠳᠤ ᠦᠪᠡᠷᠲᠡᠭᠡᠨ ᠵᠠᠰᠠᠬᠤ ᠬᠤᠯᠪᠤᠭ᠎ᠠ︾ ᠭᠡᠵᠦ ᠨᠡᠷ᠎ᠡ ᠪᠠᠨ ᠬᠠᠯᠠᠵᠤ᠂1943 ᠤᠨ ᠳᠤ ᠲᠠᠬᠢᠨ ︽ᠮᠤᠩᠭᠤᠯ ᠤᠨ ᠥᠪᠡᠷᠲᠡᠭᠡᠨ ᠵᠠᠰᠠᠬᠤ ᠬᠤᠯᠪᠤᠭ᠎ᠠ︾ ᠭᠡᠵᠦ ᠬᠠᠯᠠᠵᠠᠢ᠂ ᠭᠡᠪᠡᠴᠦ ᠨᠡᠷ᠎ᠡ ᠨᠢ ᠶᠠᠭᠠᠬᠢᠵᠤ ᠬᠤᠪᠢᠷᠠᠭᠰᠠᠨ ᠴᠤ ᠮᠠᠨᠤᠤᠯ ᠵᠠᠰᠠᠭ ᠤᠨ ᠰᠢᠨᠵᠢ ᠴᠢᠨᠠᠷ ᠨᠢ ᠬᠤᠪᠢᠷᠠᠭᠰᠠᠨ ᠦᠭᠡᠢ ᠶᠤᠮ᠃      ᠬᠦᠬᠡᠬᠤᠲᠠ ᠬᠠᠮᠤᠭ ᠠᠩᠬ᠎ᠠ ᠬᠠᠭᠤᠷᠮᠠᠭ ︽ᠮᠤᠩᠭᠤᠯ ᠤᠨ ᠬᠠᠮᠳᠤᠷᠠᠭᠰᠠᠨ ᠦᠪᠡᠷᠲᠡᠭᠡᠨ ᠵᠠᠰᠠᠬᠤ ᠵᠠᠰᠠᠭ ᠤᠨ ᠭᠠᠵᠠᠷ︾ ᠤᠨ ᠲᠥᠪ ᠪᠠᠶᠢᠭᠰᠠᠨ ᠤ ᠬᠤᠪᠢ ᠳᠤ᠂ ᠶᠠᠫᠤᠨ ᠡᠵᠡᠷᠭᠡᠭ ᠲᠦᠷᠢᠮᠡᠬᠡᠶᠢᠳᠡᠨ ᠳᠦ ᠠᠪᠴᠤ ᠬᠡᠯᠡᠪᠡᠯ ᠮᠠᠰᠢ ᠴᠢᠬᠤᠯᠠ ᠪᠠᠶᠢᠯᠳᠤᠬᠤ ᠪᠤᠳᠤᠯᠭ᠎ᠠ ᠵᠢᠨ ᠪᠠᠶᠢᠷᠢ ᠰᠠᠭᠤᠷᠢ ᠲᠠᠢ ᠪᠠᠶᠢᠭᠰᠠᠨ ᠶᠤᠮ᠃ ᠡᠶᠢᠮᠦ ᠡᠴᠡ ᠠᠳᠡ ᠴᠡᠷᠢᠭ᠂ ᠤᠯᠤᠰ ᠲᠥᠷᠥ ᠵᠡᠷᠭᠡ ᠵᠢᠨ ᠤᠯᠠᠨ ᠴᠢᠬᠤᠯᠠ ᠪᠠᠶᠢᠭᠤᠯᠤᠮᠵᠢ ᠪᠠ ᠵᠤᠬᠢᠶᠠᠨ ᠪᠠᠶᠢᠭᠤᠯᠤᠯᠳᠠ ᠵᠢ ᠪᠠᠶᠢᠭᠤᠯᠵᠤ᠂ ᠶᠡᠬᠡᠬᠡᠨ ᠬᠦᠴᠦ ᠤᠷᠤᠭᠤᠯᠵᠤ ᠠᠳᠡᠬᠢ ᠵᠢ ᠨᠤᠶᠠᠷᠬᠠᠵᠤ ᠪᠠᠶᠢᠪᠠ᠃ ᠭᠤᠷᠪᠠᠨ ᠬᠠᠭᠤᠷᠮᠠᠭ ᠵᠠᠰᠠᠭ ᠢ ᠨᠡᠶᠢᠯᠡᠭᠦᠯᠦᠭᠰᠡᠨ ᠦ ᠲᠠᠷᠠᠭ᠎ᠠ ︽ᠮᠤᠩᠭᠤᠯ ᠤᠨ ᠦᠪᠡᠷᠲᠡᠭᠡᠨ ᠵᠠᠰᠠᠬᠤ ᠬᠤᠯᠪᠤᠭᠠᠳᠤ ᠵᠠᠰᠠᠭ ᠤᠨ ᠭᠠᠵᠠᠷ︾ ᠴᠢᠭᠤᠯᠤᠯᠳᠤ ᠬᠠᠭᠠᠯᠭ᠎ᠠ ᠳᠤ ᠨᠡᠭᠦᠵᠦ ᠶᠠᠪᠤᠭᠰᠠᠨ ᠴᠤ ᠶᠠᠫᠤᠨ ᠡᠵᠡᠷᠭᠡᠭ ᠲᠦᠷᠢᠮᠡᠬᠡᠶᠢᠳᠡᠨ ᠬᠦᠬᠡᠬᠤᠳᠠ ᠳ᠋ᠡᠬᠢ ᠨᠤᠶᠠᠷᠬᠠᠯ ᠵᠶᠠᠨ ᠦᠴᠦᠭᠡᠨ ᠴᠤ ᠰᠤᠯᠠᠷᠠᠭᠤᠯᠤᠭᠰᠠᠨ ᠦᠭᠡᠢ᠂ ᠠᠳᠡᠬᠢ ᠵᠢᠨ ᠪᠠᠶᠢᠯᠳᠤᠬᠤ  ᠪᠣᠳᠣᠯᠭ᠎ᠠ ᠵᠢᠨ ᠪᠠᠶᠢᠷᠢ ᠰᠠᠭᠤᠷᠢ ᠵᠢ ᠴᠤ ᠦᠴᠦᠭᠡᠨ ᠴᠤ ᠬᠦᠩᠭᠡᠪᠴᠢᠯᠡᠭᠰᠡᠨ ᠦᠭᠡᠢ ᠪᠠᠶᠢᠵᠤ᠂ ᠮᠤᠩᠭᠤᠯ ᠴᠡᠷᠢᠭ ᠦᠨ ᠶᠡᠷᠦᠩᠬᠡᠢ ᠰᠧᠯᠢᠩ ᠦᠨ ᠬᠡᠯᠲᠡᠰ ᠢ ᠮᠦᠨ ᠠᠳᠡ ᠲᠤᠬᠢᠷᠠᠭᠤᠯᠵᠤ᠂ ᠡᠯ᠎ᠡ ᠵᠦᠢᠯ ᠦᠨ ᠨᠤᠶᠠᠷᠬᠠᠯ ᠤᠨ ᠪᠠᠶᠢᠭᠤᠯᠤᠮᠵᠢ  ᠪᠠᠨ ᠨᠡᠮᠡᠭᠰᠡᠨ ᠡᠴᠡ ᠪᠢᠰᠢ ᠬᠠᠰᠤᠭᠰᠠᠨ ᠦᠭᠡᠢ ᠪᠠᠶᠢᠪᠠ᠃ ︽ᠮᠤᠩᠭᠤᠯ ᠤᠨ ᠦᠪᠡᠷᠲᠡᠭᠡᠨ ᠵᠠᠰᠠᠬᠤ ᠬᠤᠯᠪᠤᠭᠠᠳᠤ ᠵᠠᠰᠠᠭ ᠤᠨ ᠭᠠᠵᠠᠷ︾ ᠴᠢᠭᠤᠯᠤᠯᠳᠤ ᠬᠠᠭᠠᠯᠭ᠎ᠠ ᠳᠤ ᠰᠢᠯᠵᠢᠭᠰᠡᠨ ᠨᠢ ᠨᠠᠢᠮᠠᠳᠤᠭᠠᠷ ᠵᠠᠮ ᠤᠨ ᠴᠡᠷᠢᠭ ᠲᠠᠯᠠᠨ ᠬᠠᠷ᠎ᠠ ᠠᠭᠤᠯᠠᠨ ᠳᠤ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠪᠠᠶᠢᠭᠤᠯᠤᠭᠰᠠᠨ ᠲᠠᠢ ᠰᠢᠭᠤᠳ ᠬᠠᠷᠢᠴᠠᠭ᠎ᠠ ᠲᠠᠢ ᠶᠤᠮ᠃ ᠶᠠᠫᠤᠨ ᠡᠵᠡᠷᠭᠡᠭ ᠲᠦᠷᠢᠮᠡᠬᠡᠶᠢᠳᠡᠨ ᠦ ᠨᠤᠶᠠᠷᠬᠠᠯ ᠤᠨ ᠴᠠᠭ ᠦᠶ᠎ᠡ ᠳᠦ᠂ ᠬᠦᠬᠡᠬᠤᠲᠠ ᠵᠢᠨ ᠬᠠᠭᠤᠷᠮᠠᠭ ᠵᠠᠬᠢᠷᠭ᠎ᠠ ᠪᠠᠶᠢᠭᠤᠯᠤᠭᠳᠠᠵᠤ᠂ ᠶᠠᠫᠤᠨ ‍ᠤ ᠴᠡᠷᠢᠭ ᠢ ᠤᠭᠳᠤᠵᠤ ᠤᠷᠤᠭᠤᠯᠤᠭᠰᠠᠨ ᠲᠤᠬᠠᠢ ᠵᠢᠨ ᠦᠶ᠎ᠡ ᠵᠢᠨ ᠰᠦᠢ  ᠶᠤᠸᠠᠨ ᠤ ᠲᠦᠷ ᠴᠠᠭ ᠠᠷᠭᠠᠴᠠᠭᠠᠬᠤ ᠨᠡᠶᠢᠭᠡᠮᠯᠢᠭ  ᠤᠨ ᠲᠠᠷᠤᠭ᠎ᠠ ᠡᠾᠧ ᠪᠢᠨ ᠸᠧᠨ ᠬᠤᠲᠠ ᠵᠢᠨ ᠲᠠᠷᠤᠭ᠎ᠠ ᠵᠢᠨ ᠲᠤᠰᠢᠶᠠᠯ ᠢ ᠬᠠᠷᠢᠭᠤᠴᠠᠵᠤ ᠪᠠᠶᠢᠪᠠ᠃ ᠭᠡᠪᠡᠴᠦ ᠠᠯᠢᠪᠠ ᠡᠷᠬᠡ ᠦᠨᠡᠨ ᠳ᠋ᠡᠭᠡᠨ ᠴᠦᠮ ᠶᠠᠫᠤᠨ ᠡᠵᠡᠷᠭᠡᠭ ᠲᠦᠷᠢᠮᠡᠬᠡᠶᠢᠳᠡᠨ ᠦ ᠭᠠᠷ ᠲᠤ ᠪᠠᠶᠢᠭᠰᠠᠨ ᠶᠤᠮ᠃    ᠬᠦᠬᠡᠬᠤᠲᠠ ᠤᠷᠤᠨ ᠨᠢ ᠶᠠᠫᠤᠨ ᠡᠵᠡᠷᠭᠡᠭ ᠲᠦᠷᠢᠮᠡᠬᠡᠶᠢᠳᠡᠨ ᠦ ᠨᠤᠶᠠᠷᠬᠠᠯ ᠲᠤᠤᠷᠠᠬᠢ ᠹᠠᠱᠢᠰ ᠤᠨ ᠴᠡᠷᠢᠭ ᠦᠨ ᠬᠤᠸᠠᠷᠠᠨ ᠪᠤᠯᠬᠤ ᠪᠦᠭᠡᠳ ᠶᠠᠫᠤᠨ ᠢ ᠡᠰᠡᠷᠭᠦᠴᠡᠬᠦ ᠬᠦᠴᠦᠨ ᠢ ᠲᠠᠷᠤᠵᠤ ᠳᠠᠯᠠᠨ ᠬᠠᠷ᠎ᠠ ᠠᠭᠤᠯᠠ ᠵᠢᠨ ᠶᠠᠫᠤᠨ ᠢ ᠡᠰᠡᠷᠬᠦᠴᠡᠬᠦ ᠫᠠᠷᠲ᠋ᠢᠽᠠᠨ ᠠᠩᠭᠢ ᠵᠢᠨ ᠰᠠᠭᠤᠷᠢᠨ ᠭᠠᠵᠠᠷ ᠢ ︽ᠱᠦᠭᠦᠷᠳᠡᠨ ᠠᠷᠢᠯᠭᠠᠬᠤ︾  ᠴᠡᠷᠢᠭ ᠦᠨ ᠶᠠᠪᠤᠳᠠᠯ ᠤᠨ ᠵᠢᠯᠤᠭᠤᠳᠬᠤ ᠲᠥᠪ᠂ ᠮᠦᠨᠴᠦ ᠶᠠᠫᠤᠨ ᠤ ᠳᠦᠷᠢᠮᠡᠬᠡᠢ ᠴᠡᠷᠢᠭ ᠡᠮᠦᠨᠡᠰᠢ ᠱᠠᠨᠰᠢ ᠭᠠᠨᠰᠤ ᠨᠢᠩᠰᠢᠶᠠ ᠵᠢᠨ ᠬᠢᠵᠠᠭᠠᠷ ᠤᠷᠤᠨ᠂ ᠪᠠᠷᠠᠭᠤᠨᠰᠢ ᠮᠠᠨ ᠤ ᠤᠯᠤᠰ ᠤᠨ ᠪᠠᠷᠠᠭᠤᠨ ᠬᠤᠶᠢᠳᠤ ᠤᠷᠤᠨ ᠢ ᠲᠠᠭᠠᠷᠢᠬᠤ ᠪᠠᠬᠢᠯᠡᠯᠲᠡ ᠪᠣᠯᠬᠤ ᠶᠤᠮ᠃ ᠶᠠᠫᠤᠨ ᠡᠵᠡᠷᠭᠡᠭ ᠲᠦᠷᠢᠮᠡᠬᠡᠶᠢᠳᠡᠨ ᠦ ︽ᠮᠤᠩᠭᠤᠯ ᠬᠢᠵᠠᠭᠠᠷ︾  ᠤᠷᠤᠨ ᠳ᠋ᠦ ᠰᠠᠭᠤᠭ᠎ᠠ ᠴᠡᠷᠢᠭ ᠨᠡᠶᠢᠲᠡ 30000 ᠭᠠᠷᠤᠢ ᠬᠦᠮᠦᠨ ᠪᠠᠶᠢᠵᠤ᠂ ᠲᠤᠰᠪᠦᠷᠢ ᠴᠢᠭᠤᠯᠤᠯᠳᠤ ᠬᠠᠭᠠᠯᠭ᠎ᠠ᠂  ᠳ᠋ᠠᠲ᠋ᠦ᠋ᠩ᠂ ᠬᠦᠬᠡᠬᠤᠲᠠ᠂ ᠪᠤᠭᠤᠳᠤ ᠵᠢᠴᠢ ᠤᠶᠢᠷ᠎ᠠ ᠬᠠᠪᠢ ᠵᠢᠨ ᠬᠤᠳᠠ ᠪᠠᠯᠭᠠᠰᠤᠨ ᠳᠤ ᠰᠠᠭᠤᠵᠤ ᠪᠠᠶᠢᠪᠠ᠃ ᠡᠭᠦᠨ ᠳᠦ ᠬᠦᠬᠡᠬᠤᠲᠠ᠂ ᠪᠤᠭᠤᠳᠤ ᠵᠢᠴᠢ ᠲᠡᠳᠡᠭᠡᠷ ᠦᠨ ᠤᠶᠢᠷᠠᠯᠴᠠᠭᠠᠬᠢ ᠭᠠᠵᠠᠷ ᠨᠢ ᠴᠡᠷᠢᠭ ᠰᠠᠭᠤᠬᠤ  ᠭᠤᠣᠯ ᠤᠷᠤᠨ ᠪᠣᠯᠵᠤ ᠪᠠᠶᠢᠪᠠ᠃ ᠬᠦᠬᠡᠬᠤᠲᠠ ᠳᠤ ᠶᠠᠪᠠᠭᠠᠨ ᠴᠡᠷᠢᠭ 1000 ᠬᠦᠮᠦᠨ᠂ ᠫᠤᠤᠲᠤ ᠴᠡᠷᠢᠭ ᠠᠩᠭᠢ140 ᠭᠠᠷᠤᠢ ᠬᠦᠮᠦᠨ ᠪᠠᠶᠢᠵᠤ᠂ ᠪᠤᠰᠤᠳ ᠲᠦᠷᠦᠯ ᠦᠨ ᠴᠡᠷᠢᠭ ᠲᠠᠢ ᠨᠡᠶᠢᠯᠡᠭᠡᠳ 1400 ᠰᠢᠬᠠᠮ ᠬᠦᠮᠦᠨ ᠰᠠᠭᠤᠵᠤ ᠪᠠᠶᠢᠪᠠ᠃ ᠬᠦᠬᠡᠬᠤᠲᠠ ᠳᠤ ᠰᠠᠭᠤᠬᠤ ᠶᠠᠫᠤᠨ ᠴᠡᠷᠢᠭ ᠢ ᠥᠷᠭᠦᠯᠵᠢ ᠨᠠᠭᠠᠰᠢ ᠴᠠᠭᠠᠰᠢ ᠰᠢᠯᠵᠢᠭᠦᠯᠳᠡᠭ ᠪᠣᠯᠪᠠᠴᠤ ᠶᠡᠷᠦᠩᠬᠡᠢ ᠴᠡᠷᠢᠭ ᠦᠨ ᠬᠦᠴᠦᠨ ᠨᠢ ᠨᠡᠮᠡᠭᠳᠡᠭᠰᠡᠨ ᠡᠴᠡ ᠪᠢᠰᠢ ᠬᠠᠰᠤᠭᠳᠠᠭᠰᠠᠨ ᠦᠭᠡᠢ ᠶᠤᠮ᠃ ᠵᠢᠨᠢᠩ᠂ ᠬᠦᠬᠡᠬᠤᠳᠠ᠂ ᠪᠤᠭᠤᠳᠤ ᠨᠢ ᠶᠠᠫᠤᠨ ᠤ ᠲᠦᠷᠢᠮᠡᠬᠡᠢ  ᠴᠡᠷᠢᠭ ᠦᠨ ᠲᠠᠯᠠᠨ ᠬᠠᠷ᠎ᠠ ᠠᠭᠤᠯᠠ ᠵᠢ ᠡᠵᠡᠮᠳᠡᠬᠦ ᠴᠡᠷᠢᠭ ᠲᠠᠶᠢᠨ ᠤ ᠭᠤᠣᠯ ᠤᠷᠤᠨ ᠪᠠᠶᠢᠭᠰᠠᠨ ᠪᠣᠯ ᠬᠦᠬᠡᠬᠤᠲᠠ ᠨᠢ ᠲᠡᠭᠦᠨ ᠦ ᠪᠠᠨ ᠲᠥᠪ ᠪᠣᠯᠵᠤ ᠪᠠᠶᠢᠪᠠ᠃      ᠬᠠᠭᠤᠷᠮᠠᠭ  ᠴᠡᠷᠢᠭ᠂ ᠥᠪᠡᠷ ᠢ ᠪᠠᠨ ᠬᠠᠮᠠᠭᠠᠯᠠᠬᠤ ᠬᠤᠷᠢᠶ᠎ᠠ᠂ ᠬᠠᠭᠤᠷᠮᠠᠭ ᠴᠠᠭᠳᠠᠭ᠎ᠠ ᠨᠢ ᠶᠠᠫᠤᠨ ᠡᠵᠡᠷᠭᠡᠭ ᠲᠦᠷᠢᠮᠡᠬᠡᠶᠢᠳᠡᠨ ᠦ ᠬᠦᠬᠡᠬᠤᠲᠠ ᠤᠷᠤᠨ ᠢ ᠨᠤᠶᠠᠷᠬᠠᠬᠤ ᠭᠤᠣᠯ ᠴᠡᠷᠢᠭ ᠦᠨ ᠬᠦᠴᠦᠨ ᠪᠣᠯᠵᠤ᠂ ᠲᠠᠩᠨᠠᠭᠤᠯ ᠴᠠᠭᠳᠠᠭ᠎ᠠ ᠵᠢᠨ ᠨᠤᠶᠠᠷᠬᠠᠯ ᠨᠢ ᠶᠠᠫᠤᠨ ᠡᠵᠡᠷᠭᠡᠭ ᠲᠦᠷᠢᠮᠡᠬᠡᠶᠢᠳᠡᠨ ᠦ ᠬᠦᠬᠡᠬᠤᠲᠠ ᠤᠷᠤᠨ ᠳ᠋ᠡᠬᠢ ᠺᠤᠯᠤᠨᠢᠴᠢᠯᠠᠯ ᠤᠨ ᠨᠤᠶᠠᠷᠬᠠᠯ ᠵᠶᠠᠨ ᠬᠠᠮᠠᠭᠠᠯᠠᠬᠤ ᠭᠤᠣᠯ ᠠᠷᠭ᠎ᠠ ᠭᠡᠯᠪᠡᠷᠢ ᠪᠤᠯᠵᠤ ᠪᠠᠶᠢᠪᠠ᠃ ᠶᠠᠫᠤᠨ ᠲᠡᠭᠡᠷᠡᠮ ᠬᠦᠬᠡᠬᠤᠲᠠ ᠵᠢ ᠡᠵᠡᠯᠡᠭᠰᠡᠨ ᠦ ᠲᠠᠷᠠᠭ᠎ᠠ ᠬᠦᠬᠡᠬᠤᠲᠠ ᠵᠢᠨ ᠶᠠᠫᠤᠨ ᠤ ᠬᠠᠭᠤᠷᠠᠢ ᠵᠠᠮ ᠤᠨ ᠴᠡᠷᠢᠭ ᠦᠨ ᠲᠠᠩᠨᠠᠭᠤᠯ ‍ᠦᠨ ᠪᠠᠶᠢᠭᠤᠯᠭ᠎ᠠ  ᠵᠢ ᠪᠠᠶᠢᠭᠤᠯᠵᠤ᠂ ᠶᠠᠫᠤᠨ ᠴᠠᠭᠳᠠᠭ᠎ᠠ᠂ ᠲᠠᠩᠨᠠᠭᠤᠯ ᠪᠠ ᠴᠠᠭᠳᠠᠭ᠎ᠠ ᠴᠡᠷᠢᠭ ᠦᠨ ᠴᠠᠭᠳᠠᠭ᠎ᠠ ᠵᠢᠨ ᠵᠤᠬᠢᠶᠠᠨ ᠪᠠᠶᠢᠭᠤᠯᠤᠯᠳᠠ ᠬᠠᠭᠤᠷᠮᠠᠭ ᠴᠡᠷᠢᠭ ᠵᠠᠰᠠᠭ ᠤᠨ ᠡᠯ᠎ᠡ ᠲᠡᠰ ᠦᠨ ᠰᠠᠯᠠᠭ᠎ᠠ ᠮᠦᠴᠢᠷ ᠪᠤᠯᠭᠠᠨ ᠳᠤ᠂ ᠠᠵᠢᠯ ᠲᠦᠷᠦᠯ ᠪᠤᠯᠭᠠᠨ ᠳᠤ᠂ ᠦᠨᠴᠦᠭ ᠪᠣᠯᠤᠩ ᠪᠦᠷᠢ ᠳᠦ ᠨᠡᠪᠴᠢᠨ ᠤᠷᠤᠵᠤ᠂ ᠬᠦᠬᠡᠬᠤᠲᠠ ᠤᠷᠤᠨ ᠳᠤ ᠲᠠᠩᠨᠠᠭᠤᠯ᠂ ᠴᠠᠭᠳᠠᠭ᠎ᠠ᠂ ᠴᠡᠷᠢᠭ ᠦᠨ ᠴᠠᠭᠳᠠᠭ᠎ᠠ ᠬᠠᠷᠢᠯᠴᠠᠨ ᠰᠦᠯᠪᠡᠭᠡᠯᠳᠦᠭᠰᠡᠨ ᠨᠤᠶᠠᠷᠬᠠᠯ ᠤᠨ ᠲᠤᠤᠷ  ᠪᠦᠷᠢᠯᠳᠦᠭᠰᠡᠨ ᠪᠠᠶᠢᠪᠠ᠃ ᠲᠠᠩᠨᠠᠭᠤᠯ᠂ ᠴᠠᠭᠳᠠᠭ᠎ᠠ᠂ ᠴᠡᠷᠢᠭ ᠦᠨ ᠴᠠᠭᠳᠠᠭ᠎ᠠ ᠮᠠᠰᠢ ᠬᠠᠷ᠎ᠠ ᠬᠤᠤᠷᠳᠠᠢ ᠬᠤᠯᠵᠢᠨ ᠵᠠᠯᠢᠬᠠᠢ᠂ ᠬᠠᠷᠬᠢᠰ ᠭᠡᠷᠴᠡᠭᠡᠢ ᠲᠤᠭᠰᠢᠨ ᠪᠠᠯᠠᠮᠠᠳ ᠪᠠᠶᠢᠵᠤ᠂ ᠬᠤᠳᠠ ᠬᠦᠳᠡᠭᠡ ᠵᠢᠨ ᠡᠯ᠎ᠡ ᠭᠠᠵᠠᠷ ᠵᠶᠠᠷ ᠨᠡᠶᠢᠳᠡᠮ ᠲᠠᠷᠬᠠᠵᠤ᠂ ᠦᠨᠴᠦᠭ ᠪᠤᠯᠤᠩ ᠦᠭᠡᠢ ᠦᠢᠮᠡᠭᠦᠯᠵᠦ᠂ ᠡᠪ ᠬᠠᠮᠳᠤ ᠨᠠᠮ ᠤᠨ ᠭᠡᠰᠢᠭᠦᠨ᠂ ᠨᠠᠢᠮᠠᠳᠤᠭᠠᠷ ᠵᠠᠮ ᠤᠨ ᠴᠡᠷᠢᠭ ᠪᠠ ᠶᠠᠫᠤᠨ ᠢ ᠡᠰᠡᠷᠭᠦᠴᠡᠬᠦ ᠢᠳᠡᠪᠬᠢᠳᠡᠨ ᠢ ᠨᠡᠩᠵᠢᠨ ᠪᠠᠷᠢᠪᠴᠢᠯᠠᠬᠤ ᠪᠡᠷ ᠪᠠᠷᠠᠬᠤ ᠦᠭᠡᠢ ᠪᠠᠰᠠ ︽ᠲᠥᠷᠥ ᠵᠢᠨ ᠶᠠᠪᠤᠳᠠᠯ ᠤᠨ ᠶᠠᠯᠠᠲᠠᠨ︾᠂ ︽ᠦᠵᠡᠯ ᠰᠠᠨᠠᠭᠠᠨ ᠤ ᠶᠠᠯᠠᠳᠠᠨ︾᠂ ︽ᠠᠵᠤ ᠠᠬᠤᠢ ᠵᠢᠨ ᠶᠠᠯᠠᠲᠠᠨ︾ ᠵᠡᠷᠭᠡ ᠬᠤᠳᠠᠯ ᠶᠠᠯ᠎ᠠ ᠵᠤᠬᠢᠶᠠᠵᠤ᠂ ᠬᠤᠳᠠ ᠬᠦᠳᠡᠭᠡ ᠵᠢᠨ ᠠᠷᠠᠳ ᠤᠯᠠᠨ ᠲᠦᠮᠡᠨ ᠢ ᠲᠤᠷ᠎ᠠ ᠪᠡᠷ ᠵᠶᠡᠨ ᠪᠠᠷᠢᠵᠤ ᠱᠤᠷᠤᠩ ᠳᠤ ᠬᠢᠵᠦ᠂ ᠬᠢᠨᠳᠠᠨ ᠳᠤ ᠬᠤᠷᠢᠭᠠᠳ ᠲᠦᠨᠡᠷ ᠬᠠᠷᠠᠩᠭᠤᠢ ᠨᠡᠶᠢᠭᠡᠮ ᠨᠢᠳᠦ ᠬᠠᠯᠳᠤᠷᠢᠮ᠎ᠠ ᠬᠠᠷᠠᠰᠠᠯᠲᠠᠢ ᠪᠠᠶᠢᠯ᠎ᠠ᠃      ᠶᠠᠫᠤᠨ ᠡᠵᠡᠷᠭᠡᠭ ᠲᠦᠷᠢᠮᠡᠬᠡᠶᠢᠳᠡᠨ ᠬᠦᠬᠡᠬᠤᠲᠠ ᠤᠷᠤᠨ ᠤ ᠠᠵᠤ ᠠᠬᠤᠢ ᠵᠢᠨ ᠠᠮᠢᠨ ᠰᠤᠳᠠᠰᠤ ᠵᠢ ᠴᠢᠩᠭ᠎ᠠ ᠠᠳᠬᠤᠵᠤ᠂ ᠪᠤᠳᠠᠰ ᠤᠨ ᠭᠠᠷᠤᠯᠲᠠ ᠵᠢᠨ ᠡᠬᠢ ᠪᠠᠶᠠᠯᠢᠭ ᠢ ᠨᠢ ᠪᠤᠯᠢᠶᠠᠨ ᠳᠡᠭᠡᠷᠡᠮᠳᠡᠵᠦ᠂ ᠭᠠᠯᠵᠠᠭᠤᠷᠠᠭᠰᠠᠨ ᠮᠡᠳᠦ ᠠᠵᠤ ᠠᠬᠤᠢ ᠵᠢᠨ ᠮᠦᠯᠵᠢᠯ ᠶᠠᠪᠤᠭᠤᠯᠵᠤ᠂ ᠡᠭᠦᠨ ᠵᠶᠡᠷ ᠵᠶᠡᠨ ᠺᠣᠯᠣᠨᠢ ᠵᠢᠨ ᠨᠤᠶᠠᠷᠬᠠᠯ  ᠵᠶᠠᠨ ᠪᠠᠬᠢᠵᠢᠭᠦᠯᠬᠦ ᠭᠤᠣᠯ ᠠᠷᠭ᠎ᠠ ᠪᠤᠯᠭᠠᠵᠤ ᠪᠠᠶᠢᠪᠠ᠃      ᠶᠠᠫᠤᠨ ᠲᠡᠭᠡᠷᠡᠮ ᠬᠦᠬᠡᠬᠤᠲᠠ ᠵᠢ ᠡᠵᠡᠯᠡᠭᠰᠡᠨ ᠦ ᠲᠠᠷᠠᠭ᠎ᠠ ᠮᠦᠩᠭᠦᠨ ᠬᠦᠢᠯᠭᠡᠭᠡ ᠵᠢ ᠨᠢᠭᠡᠳᠦᠯᠳᠡᠢ ᠵᠠᠬᠢᠷᠬᠤ ᠵᠢᠨ ᠲᠦᠯᠦᠭᠡ ᠤᠤᠯ ᠤᠨ ᠰᠦᠢ ᠶᠤᠸᠠᠨ ᠮᠤᠵᠢ ᠵᠢᠨ ᠤᠷᠤᠨ ᠨᠤᠲᠤᠭ ᠤᠨ ᠮᠦᠩᠭᠦᠨ ᠬᠦᠢᠯᠭᠡᠭᠡᠨ ᠦ ᠪᠠᠶᠢᠭᠤᠯᠤᠮᠵᠢ ᠪᠣᠯᠬᠤ ︽ᠭᠦᠢ ᠰᠦᠢ ᠵᠢᠨ ᠵᠠᠬ᠎ᠠ ᠵᠢᠨ ᠦᠨ᠎ᠡ ᠵᠢ ᠲᠤᠭᠳᠠᠪᠤᠷᠢᠵᠢᠭᠤᠯᠬᠤ ᠠᠯᠪᠠᠨ ᠵᠤᠭᠤᠰ ᠤᠨ ᠲᠤᠪᠴᠢᠶ᠎ᠠ︾ ᠵᠢ ᠬᠦᠯᠢᠶᠡᠨ ᠠᠪᠴᠤ ᠬᠠᠮᠢᠶᠠᠷᠤᠭᠠᠳ ᠲᠤᠰ ᠲᠤᠪᠴᠢᠶ᠎ᠠ ᠵᠢᠨ 400 ᠲᠦᠮᠡᠨ ᠮᠦᠩᠭᠦᠨ ᠵᠤᠭᠤᠰ ᠪᠠ ᠪᠤᠢ ᠪᠦᠬᠦᠢ ᠡᠳ᠋ ᠬᠦᠷᠦᠩᠭᠡ ᠵᠢ ᠪᠤᠯᠢᠶᠠᠵᠤ ᠠᠪᠴᠠᠢ᠃ ᠡᠭᠦᠨ ᠦ ᠪᠠᠨ ᠰᠠᠭᠤᠷᠢᠨ ᠲᠡᠭᠡᠷ᠎ᠡ ᠬᠠᠭᠤᠷᠮᠠᠭ ᠮᠤᠩᠭᠤᠯ ᠬᠢᠵᠠᠭᠠᠷ ᠤᠨ ᠪᠠᠩᠭᠢ ᠵᠢ ᠪᠠᠶᠢᠭᠤᠯᠵᠤ᠂ ᠮᠤᠩᠭᠤᠯ ᠬᠢᠵᠠᠭᠠᠷ ᠤᠨ ᠬᠠᠭᠤᠷᠮᠠᠭ ᠵᠤᠭᠤᠰ ᠢ ᠲᠠᠷᠬᠠᠭᠠᠵᠤ᠂ ᠲᠤᠮᠳᠠᠳᠤ ᠤᠯᠤᠰ ᠤᠨ ᠵᠤᠭᠤᠰ ᠪᠠ ᠰᠦᠢ ᠶᠤᠸᠠᠨ ᠮᠤᠵᠢ ᠵᠢᠨ ᠵᠠᠬ᠎ᠠ ᠵᠢᠨ ᠦᠨ᠎ᠡ ᠵᠢ ᠲᠤᠭᠲᠠᠪᠤᠷᠢᠵᠢᠭᠤᠯᠬᠤ ᠫᠢᠶᠤᠤ ᠵᠢ ᠬᠡᠷᠡᠭᠯᠡᠬᠦ ᠵᠢ ᠴᠠᠭᠠᠵᠠᠯᠠᠵᠤ ᠪᠠᠶᠢᠪᠠ᠃ ᠡᠬᠢ ᠪᠠᠶᠠᠯᠢᠭ ᠢ ᠪᠤᠯᠢᠶᠠᠨ ᠲᠡᠭᠡᠷᠡᠮᠳᠡᠬᠦ ᠵᠢᠨ ᠲᠦᠯᠦᠭᠡ ᠶᠠᠫᠤᠨ ᠡᠵᠡᠷᠭᠡᠭ ᠲᠦᠷᠢᠮᠡᠬᠡᠶᠢᠳᠡᠨ ᠡᠯᠳᠡᠪ ᠵᠦᠢᠯ ᠦᠨ ᠪᠠᠶᠢᠴᠠᠭᠠᠯᠳᠠ ᠵᠢᠨ ᠪᠦᠯᠬᠦᠮ ᠲᠤᠮᠢᠯᠠᠵᠤ ᠬᠦᠬᠡᠬᠤᠲᠠ ᠤᠷᠤᠨ ᠤ  ᠪᠣᠳᠠᠰ ᠤᠨ ᠭᠠᠷᠤᠯᠲᠠ ᠵᠢᠨ ᠡᠬᠢ ᠪᠠᠶᠠᠯᠢᠭ ᠢ ᠪᠠᠶᠢᠴᠠᠭᠠᠬᠤ ᠠᠵᠢᠯᠯᠠᠭ᠎ᠠ ᠦᠷᠨᠢᠬᠦᠯᠵᠡᠢ᠃ ᠢᠯᠠᠩᠭᠤᠶ᠎ᠠ ᠭᠦᠢ ᠰᠦᠢ ᠬᠤᠲᠠ ᠵᠢᠨ ᠬᠢᠯᠢ ᠳ᠋ᠡᠬᠢ ᠡᠬᠢ ᠪᠠᠶᠠᠯᠢᠭ ᠢ ᠪᠠᠶᠢᠴᠠᠭᠠᠬᠤ ᠪᠦᠯᠬᠦᠮ ᠨᠢ ᠲᠤᠰᠬᠠᠶᠢᠯᠠᠨ ᠬᠦᠬᠡᠬᠤᠲᠠ ᠤᠷᠤᠨ ᠤ ᠤᠨᠴᠠᠭᠠᠶᠢᠯᠠᠨ ᠲᠠᠯᠠᠨ ᠬᠠᠷ᠎ᠠ ᠠᠭᠤᠯᠠ ᠤ ᠤᠷᠤᠨ ᠤ ᠡᠬᠢ ᠪᠠᠶᠠᠯᠢᠭ ᠢ ᠪᠠᠶᠢᠴᠠᠭᠠᠳᠠᠭ ᠪᠠᠶᠢᠯ᠎ᠠ᠃ ᠡᠭᠦᠨ ᠦ ᠪᠠᠨ ᠰᠠᠭᠤᠷᠢᠨ ᠲᠡᠭᠡᠷ᠎ᠡ ᠶᠠᠫᠤᠨ ᠲᠡᠭᠡᠷᠡᠮ ᠡᠬᠢ ᠪᠠᠶᠠᠯᠢᠭ ᠢ ᠨᠡᠭᠡᠭᠡᠨ ᠬᠦᠭᠵᠢᠬᠦᠯᠬᠦ ᠲᠤᠮᠤ ᠲᠦᠯᠦᠪᠯᠡᠭᠡ ᠭᠡᠵᠦ ᠲᠤᠭᠲᠠᠭᠠᠭᠠᠳ ᠨᠡᠭᠡᠭᠡᠵᠦ ᠪᠣᠯᠬᠤ ᠡᠬᠢ ᠪᠠᠶᠠᠯᠢᠭ ᠢ ᠴᠦᠮ ᠨᠡᠭᠡᠭᠡᠵᠦ᠂ ᠦᠢᠯᠡᠳᠪᠦᠷᠢ ᠺᠤᠮᠫᠠᠨᠢ ᠪᠠᠶᠢᠭᠤᠯᠵᠤ ᠬᠦᠬᠡᠬᠤᠲᠠ ᠵᠢᠨ ᠠᠵᠤ ᠠᠬᠤᠢ ᠵᠢᠨ ᠠᠮᠢᠨ ᠰᠤᠳᠠᠰᠤ ᠵᠢ ᠦᠬᠦᠨ ᠠᠳᠬᠤᠭᠰᠠᠨ ᠪᠠᠶᠢᠪᠠ᠃ ᠶᠠᠫᠤᠨ ᠡᠵᠡᠷᠭᠡᠭ ᠲᠦᠷᠢᠮᠡᠬᠡᠶᠢᠳᠡᠨ ᠦ ᠭᠠᠶᠢᠯᠢ ᠳᠠᠳᠠᠪᠤᠷᠢᠯᠠᠬᠤ ᠪᠡᠷ ᠲᠠᠮᠵᠢᠨ ᠠᠵᠤ ᠠᠬᠤᠢ ᠵᠢ ᠡᠵᠡᠮᠳᠡᠭᠰᠡᠨ ᠨᠢ ᠨᠡᠩ ᠴᠤ ᠬᠦᠮᠦᠨ ᠰᠤᠴᠢᠭᠠᠮ᠎ᠠ ᠶᠤᠮ᠂ ᠠᠯᠪᠠᠳᠠᠯᠭ᠎ᠠ ᠪᠡᠷ ᠭᠠᠶᠢᠯᠢ ᠲᠠᠳᠠᠪᠤᠷᠢᠯᠠᠬᠤ ᠵᠢᠨ ᠲᠦᠯᠦᠭᠡ1938 ᠣᠨ ᠳᠤ ᠨᠢᠭᠡᠳᠦᠯᠳᠡᠢ ᠭᠠᠶᠢᠯᠢ ᠵᠢᠨ ᠬᠠᠮᠢᠶᠠᠷᠤᠯᠲᠠ ᠵᠢᠨ ᠲᠤᠪᠴᠢᠶ᠎ᠠ ᠭᠡᠵᠦ ᠪᠠᠶᠢᠭᠤᠯᠤᠭᠠᠳ ᠮᠠᠰᠢ ᠣᠯᠠᠨ ᠲᠦᠷᠦᠯ ᠦᠨ ᠭᠠᠶᠢᠯᠢ ᠬᠤᠷᠢᠶᠠᠵᠤ ᠪᠠᠶᠢᠪᠠ᠂ ᠡᠭᠦᠨ ᠳᠦ ᠬᠠᠷ᠎ᠠ ᠲᠠᠮᠠᠬᠢ ᠵᠢᠨ ᠭᠠᠶᠢᠯᠢ ᠨᠢ ᠲᠡᠳᠡᠨ ᠦ ᠲᠠᠳᠠᠪᠤᠷᠢᠯᠠᠬᠤ ᠭᠠᠶᠢᠯᠢ ᠵᠢᠨ ᠭᠤᠣᠯ ᠬᠡᠰᠡᠭ ᠪᠣᠯᠵᠤ ᠪᠠᠶᠢᠭᠰᠠᠨ ᠶᠤᠮ᠃ ᠶᠠᠫᠤᠨ ᠡᠵᠡᠷᠭᠡᠭ ᠲᠦᠷᠢᠮᠡᠬᠡᠶᠢᠳᠡᠨ ᠬᠦᠬᠡᠬᠤᠲᠠ ᠵᠢ ᠡᠵᠡᠯᠡᠭᠰᠡᠨ ᠦ ᠲᠠᠷᠠᠭ᠎ᠠ ᠬᠠᠷ᠎ᠠ ᠲᠠᠮᠠᠬᠢ ᠴᠠᠭᠠᠵᠠᠯᠠᠬᠤ ᠵᠠᠷᠯᠢᠭ ᠢ ᠬᠦᠴᠦᠨ ᠦᠭᠡᠢ ᠪᠣᠯᠭᠠᠭᠰᠠᠨ ᠵᠶᠠᠷ ᠪᠠᠷᠠᠬᠤ ᠦᠭᠡᠢ ᠪᠠᠰᠠ ᠲᠠᠷᠢᠶᠠᠴᠢᠳ ᠢ ᠠᠯᠪᠠᠳᠠᠵᠤ ᠠᠮᠤ ᠴᠡᠴᠡᠭ ᠲᠠᠷᠢᠭᠤᠯᠵᠤ ᠪᠠᠶᠢᠪᠠ᠃ ᠨᠡᠩ ᠬᠠᠷ᠎ᠠ ᠬᠤᠤᠷᠳᠠᠢ ᠨᠢ ᠭᠡᠪᠡᠯ ᠲᠡᠳᠡ ᠪᠠᠰᠠ ᠬᠦᠮᠦᠰ ᠦᠨ ᠬᠠᠷ᠎ᠠ ᠲᠠᠮᠠᠬᠢ ᠲᠠᠲᠠᠬᠤ ᠵᠢ ᠰᠠᠨᠠᠭᠠᠴᠢᠯᠠᠵᠤ᠂ ᠠᠵᠤ ᠠᠬᠤᠢ ᠵᠢ ᠡᠵᠡᠷᠭᠡᠬᠦ ᠪᠡᠷ ᠪᠠᠷᠠᠬᠤ ᠦᠭᠡᠢ ᠲᠤᠮᠳᠠᠳᠤ ᠵᠢᠨ ᠠᠷᠠᠳ ᠲᠦᠮᠡᠨ ᠦ ᠪᠡᠶ᠎ᠡ ᠰᠡᠳᠬᠢᠯ ᠢ ᠦᠭᠡᠢ ᠬᠢᠬᠦ ᠰᠠᠨᠠᠭᠠᠨ ᠳ᠋ᠠᠭᠠᠨ ᠬᠦᠷᠬᠦ ᠪᠡᠷ ᠭᠤᠷᠢᠳᠠᠵᠤ ᠪᠠᠶᠢᠯ᠎ᠠ᠃ 1938 ᠤᠨ ᠳᠦ ᠬᠠᠭᠤᠷᠮᠠᠭ ᠮᠤᠩᠭᠤᠯ ᠬᠢᠵᠠᠭᠠᠷ ᠤᠨ ᠤᠷᠤᠨ ᠳᠤ 50 ᠲᠦᠮᠡᠨ ᠮᠦ ᠬᠠᠷ᠎ᠠ ᠲᠠᠮᠠᠬᠢ ᠲᠠᠷᠢᠵᠤ᠂ ᠬᠤᠶᠠᠳᠤᠭᠠᠷ ᠵᠢᠯ ᠨᠢ ᠨᠡᠩ ᠴᠤ 80 ᠲᠦᠮᠡᠨ ᠮᠦ ᠲᠠᠷᠢᠭᠰᠠᠨ ᠪᠠᠶᠢᠪᠠ᠃ ᠡᠭᠦᠨ ᠳᠦ ᠬᠦᠬᠡᠬᠤᠲᠠ ᠤᠷᠤᠨ ᠨᠢ ᠬᠠᠷ᠎ᠠ ᠲᠠᠮᠠᠬᠢ ᠵᠢᠨ ᠭᠤᠣᠯ ᠭᠠᠷᠤᠯᠲᠠ ᠵᠢᠨ ᠣᠷᠣᠨ ᠪᠠᠶᠢᠭᠰᠠᠨ ᠪᠦᠭᠡᠳ ᠪᠠᠰᠠ ᠬᠠᠷ᠎ᠠ ᠲᠠᠮᠠᠬᠢ ᠲᠠᠲᠠᠬᠤ ᠭᠠᠵᠠᠷ ᠭᠠᠷᠭᠠᠵᠤ᠂ ᠬᠦᠮᠦᠰ ᠢ ᠬᠠᠷ᠎ᠠ ᠲᠠᠮᠠᠬᠢ ᠲᠠᠳᠠᠭᠤᠯᠬᠤ ᠪᠡᠷ ᠦᠳᠦᠭᠡᠵᠦ ᠪᠠᠶᠢᠪᠠ᠃      ᠶᠠᠫᠤᠨ ᠤ ᠡᠵᠡᠷᠭᠡᠭ ᠲᠦᠷᠢᠮᠡᠬᠡᠶᠢᠳᠡᠨ ᠬᠦᠬᠡᠬᠤᠲᠠ ᠤᠷᠤᠨ ᠳᠤ ᠪᠠᠰᠠ ᠶᠠᠫᠤᠨ ᠢ ᠲᠤᠳᠤᠨᠤᠴᠢᠯᠠᠵᠤ ᠡᠪ ᠬᠠᠮᠳᠤ ᠨᠠᠮ ᠢ ᠡᠰᠡᠷᠬᠦᠴᠡᠬᠦ ᠺᠤᠯᠤᠨᠢᠴᠢᠯᠠᠯ ᠤᠨ ᠪᠤᠭᠤᠯᠴᠢᠯᠠᠯ ᠤᠨ ᠰᠤᠷᠭᠠᠨ ᠬᠦᠮᠦᠵᠢᠯ ᠢ ᠬᠡᠷᠡᠭᠵᠢᠬᠦᠯᠦᠭᠰᠡᠨ ᠶᠤᠮ᠃ ᠡᠨᠡ ᠨᠢ ᠶᠠᠫᠤᠨ ᠲᠡᠭᠡᠷᠡᠮ ᠦᠨ ᠺᠣᠯᠣᠨᠢ ᠵᠢᠨ ᠨᠤᠶᠠᠷᠬᠠᠯ ᠵᠶᠠᠨ ᠪᠠᠬᠢᠵᠢᠬᠦᠯᠬᠦ ᠴᠢᠬᠤᠯᠠ ᠨᠢᠭᠡ ᠠᠷᠭ᠎ᠠ ᠪᠤᠯᠤᠨ᠎ᠠ᠃ ᠰᠤᠷᠭᠠᠭᠤᠯᠢ ᠵᠢᠨ ᠰᠤᠷᠭᠠᠨ ᠬᠦᠮᠦᠵᠢᠯ ᠨᠢ ᠮᠦᠨᠴᠦ ᠴᠤ ᠲᠡᠳᠡᠨ ᠦ ᠺᠤᠯᠣᠨᠢ ᠵᠢᠨ ᠤᠷᠤᠨ ᠤ ᠢᠷᠭᠡᠳ ᠢ ᠪᠤᠭᠤᠯᠴᠢᠯᠠᠬᠤ ᠰᠤᠷᠭᠠᠨ ᠬᠦᠮᠦᠵᠢᠯ ᠦᠨ ᠰᠠᠭᠤᠷᠢ ᠮᠦᠨ᠃ ᠬᠦᠬᠡᠬᠤᠲᠠ ᠳᠤ ᠶᠠᠫᠤᠨ ᠡᠵᠡᠷᠭᠡᠭ ᠲᠦᠷᠢᠮᠡᠬᠡᠶᠢᠳᠡᠨ ᠦ ᠰᠤᠷᠭᠠᠨ ᠬᠦᠮᠦᠵᠢᠯ ᠦᠨ ᠴᠢᠭᠯᠡᠯᠲᠡ ᠶᠣᠰᠤᠭᠠᠷ ᠣᠣᠯ ‍ᠤᠨ ᠡᠯ᠎ᠡ ᠲᠦᠷᠦᠯ ᠦᠨ ᠰᠤᠷᠭᠠᠭᠤᠯᠢ ᠵᠢ ᠡᠵᠡᠮᠳᠡᠬᠦ ᠡᠴᠡ ᠭᠠᠳᠠᠨ᠎ᠠ ᠪᠠᠰᠠ ᠮᠤᠩᠭᠤᠯ ᠰᠤᠷᠤᠯᠭ᠎ᠠ ᠵᠢᠨ ᠬᠤᠷᠢᠶ᠎ᠠ᠂ ᠪᠠᠶᠠᠨᠲᠠᠯ᠎ᠠ ᠠᠶᠢᠮᠠᠭ ᠤᠨ ᠪᠠᠭᠰᠢ ᠵᠢᠨ ᠰᠤᠷᠭᠠᠭᠤᠯᠢ ᠵᠡᠷᠭᠡ 8 ᠰᠤᠷᠭᠠᠭᠤᠯᠢ ᠵᠢ ᠡᠷᠬᠢᠯᠡᠭᠰᠡᠨ ᠪᠠᠶᠢᠨ᠎ᠠ᠃ ᠪᠠᠶᠠᠨᠳᠠᠯ᠎ᠠ ᠠᠶᠢᠮᠠᠭ ᠤᠨ ᠬᠠᠷᠢᠶᠠᠨ ᠳ᠋ᠡᠬᠢ ᠬᠤᠰᠢᠭᠤ ᠰᠢᠶᠠᠨ ᠳᠤ ᠨᠡᠶᠢᠲᠡ 250 ᠪᠠᠭ᠎ᠠ ᠰᠤᠷᠭᠠᠭᠤᠯᠢ ᠪᠠᠶᠢᠯ᠎ᠠ᠃ ᠰᠤᠷᠭᠠᠭᠤᠯᠢ ᠵᠢᠨ ᠰᠤᠷᠭᠠᠨ ᠬᠦᠮᠦᠵᠢᠯ ᠳᠦ ᠡᠬᠢᠨ ᠡᠴᠡ ᠨᠢ ᠠᠳᠠᠭ ᠲᠤ ᠨᠢ ᠲᠤᠯᠲᠠᠯ᠎ᠠ ᠶᠠᠫᠤᠨ ᠬᠡᠯᠡ ᠪᠠ ᠶᠠᠫᠤᠨ ᠤ ᠰᠤᠶᠤᠯ ᠢ ᠠᠭᠤᠰᠬᠠᠵᠤ᠂ ᠶᠠᠫᠤᠨ ᠤ ᠰᠤᠷᠭᠠᠨ ᠬᠦᠮᠦᠵᠢᠯ ᠪᠠ ᠵᠣᠷᠢᠭ ᠰᠠᠨᠠᠭ᠎ᠠ ᠵᠢ ᠲᠤᠭᠤᠰᠢᠳᠠᠢ ᠬᠡᠷᠡᠭᠵᠢᠬᠦᠯᠦᠨ᠂ ᠶᠠᠫᠤᠨ ᠢ ᠲᠤᠳᠤᠨᠤᠴᠢᠯᠠᠵᠤ ᠡᠪ ᠬᠠᠮᠳᠤ ᠨᠠᠮ ᠢ ᠡᠰᠡᠷᠭᠦᠴᠡᠬᠦ ᠪᠠ ᠶᠠᠫᠤᠨ ᠲᠠᠢ ᠨᠢᠭᠡ ᠴᠤᠭᠴᠠ ᠪᠤᠯᠵᠤ ᠪᠦᠷᠢᠯᠳᠦᠬᠦ ᠦᠵᠡᠯ ᠰᠠᠨᠠᠭ᠎ᠠ ᠵᠢ ᠪᠣᠢ ᠪᠤᠯᠭᠠᠵᠤ᠂ ᠲᠡᠳᠡᠨ ᠦ ᠰᠤᠷᠭᠠᠨ ᠬᠦᠮᠦᠵᠢᠯ ᠢ ᠬᠦᠷᠳᠡᠭᠰᠡᠨ ᠪᠣᠯᠭᠠᠨ ᠢ ᠪᠤᠭᠤᠯ ᠵᠶᠠᠨ ᠪᠤᠯᠭᠠᠬᠤ ᠪᠡᠷ ᠭᠤᠷᠢᠳᠠᠵᠤ ᠪᠠᠶᠢᠪᠠ᠃ ᠮᠤᠩᠭᠤᠯ ᠦᠨᠳᠦᠰᠦᠳᠡᠨ᠂ ᠬᠢᠲᠠᠳ ᠦᠨᠳᠦᠰᠦᠳᠡᠨ ᠪᠠ ᠬᠤᠳᠤᠩ ᠦᠨᠳᠦᠰᠦᠳᠡᠨ ᠳᠦ ᠬᠦᠷᠳᠡᠭᠡᠬᠦ ᠰᠤᠷᠭᠠᠨ ᠬᠦᠮᠦᠵᠢᠯ ᠦᠨ ᠠᠭᠤᠯᠭ᠎ᠠ ᠪᠠ ᠱᠠᠭᠠᠷᠳᠠᠯᠭ᠎ᠠ ᠨᠢ ᠠᠳᠠᠯᠢ ᠦᠭᠡᠢ ᠲᠠᠯ᠎ᠠ ᠪᠠᠶᠢᠭᠰᠠᠨ ᠴᠤ ᠦᠨᠳᠦᠰᠦᠨ ᠵᠣᠷᠢᠭ ᠰᠠᠨᠠᠭ᠎ᠠ ᠨᠢ ᠨᠢᠭᠡᠳᠦᠯᠳᠡᠢ ᠶᠤᠮ᠃ ᠴᠦᠭᠡᠨ ᠪᠤᠰᠤ ᠰᠤᠷᠭᠠᠭᠤᠯᠢ ᠳᠤ ᠶᠠᠫᠤᠨ ᠤ ᠪᠠᠭᠰᠢ ᠬᠢᠴᠢᠶᠡᠯᠯᠡᠬᠦ ᠪᠤᠶᠤ ᠶᠠᠫᠤᠨ ᠬᠦᠮᠦᠨ ᠦ ᠬᠢᠨᠠᠯᠲᠠ ᠲᠤᠤᠷ᠎ᠠ ᠬᠢᠴᠢᠶᠡᠯ ᠤᠷᠤᠵᠤ ᠪᠠᠶᠢᠪᠠ᠃ ᠬᠢᠴᠢᠶᠡᠯ ᠲᠡᠭᠡᠷ᠎ᠡ ᠶᠠᠫᠤᠨ ᠢ ᠲᠤᠳᠤᠨᠤᠴᠢᠯᠠᠵᠤ ᠡᠪ ᠬᠠᠮᠳᠤ ᠨᠠᠮ ᠢ ᠡᠰᠡᠷᠭᠦᠴᠡᠬᠦ ᠦᠵᠡᠯ ᠰᠠᠨᠠᠭ᠎ᠠ ᠵᠢ ᠲᠤᠭᠤᠰᠢᠯᠠᠭᠤᠯᠬᠤ ᠡᠴᠠ ᠭᠠᠳᠠᠨ᠎ᠠ ᠰᠤᠷᠭᠠᠭᠤᠯᠢ ᠵᠢᠨ ᠡᠳᠦᠷ ᠲᠤᠳᠤᠮ ᠤᠨ ᠠᠵᠢᠯᠯᠠᠭ᠎ᠠ ᠪᠠ ᠠᠮᠢᠳᠤᠷᠠᠯ ᠲᠤᠮᠳᠠ ᠴᠤ ᠲᠡᠭᠡᠷᠡᠬᠢ ᠰᠤᠷᠭᠠᠨ ᠬᠦᠮᠦᠵᠢᠯ ᠦᠨ ᠴᠢᠭᠯᠡᠯᠲᠡ ᠪᠠᠨ ᠢᠯᠡᠷᠡᠭᠦᠯᠵᠦ ᠪᠠᠶᠢᠵᠠᠢ᠃ ᠵᠢᠱᠢᠶᠡᠯᠡᠪᠡᠯ ᠥᠷᠯᠥᠭᠡ ᠪᠣᠯᠭᠠᠨ ᠲᠤᠭ ᠮᠠᠨᠳᠤᠭᠤᠯᠬᠤ ᠶᠤᠰᠤᠯᠠᠯ ᠶᠠᠪᠤᠭᠤᠯᠵᠤ᠂ ᠰᠤᠷᠤᠭᠴᠢᠳ ᠲᠤᠷᠤᠨ᠎ᠠ ᠵᠦᠭ ᠬᠠᠨᠳᠤᠨ ᠮᠦᠷᠬᠦᠵᠦ᠂ ᠶᠠᠫᠤᠨ ᠤ ᠲᠢᠶᠠᠨᠨᠤ᠋ ᠬᠠᠭᠠᠨ ᠳᠤ ᠰᠢᠳᠤᠷᠭᠤ ᠪᠡᠷ ᠵᠢᠳᠬᠦᠬᠦ ᠪᠠᠨ ᠢᠯᠡᠷᠭᠡᠶᠢᠯᠡᠳᠡᠭ᠃ ᠨᠡᠶᠢᠭᠡᠮ ᠦᠨ ᠰᠤᠷᠭᠠᠨ ᠬᠦᠮᠦᠵᠢᠯ ᠲᠤᠮᠳᠠ ᠴᠤ ᠪᠤᠭᠤᠯᠴᠢᠯᠠᠯ ᠤᠨ ᠰᠤᠷᠭᠠᠨ ᠬᠦᠮᠦᠵᠢᠯ ᠢ ᠬᠡᠷᠡᠭᠵᠢᠬᠦᠯᠵᠦ᠂ ᠤᠯᠠᠨ ᠲᠦᠮᠡᠨ ᠦ ᠰᠤᠷᠭᠠᠨ ᠬᠦᠮᠦᠵᠢᠯ ᠦᠨ ᠤᠷᠳᠤᠨ᠂ ᠤᠯᠠᠨ ᠨᠡᠶᠢᠲᠡ ᠵᠢᠨ ᠰᠤᠷᠭᠠᠭᠤᠯᠢ ᠪᠠ ᠤᠬᠠᠭᠤᠯᠤᠨ ᠲᠤᠬᠤᠨᠢᠭᠤᠯᠬᠤ ᠠᠩᠭᠢ᠂ ᠠᠷᠠᠳ ᠵᠶᠠᠨ ᠬᠠᠶᠢᠷᠠᠯᠠᠬᠤ ᠠᠩᠭᠢ᠂ ᠡᠪ ᠬᠠᠮᠳᠤ ᠨᠠᠮ ᠢ ᠰᠡᠷᠭᠡᠶᠢᠯᠡᠬᠦ ᠵᠠᠯᠠᠭᠤᠴᠤᠳ ᠤᠨ ᠡᠪᠯᠡᠯ ᠵᠡᠷᠭᠡ ᠵᠢ ᠪᠠᠶᠢᠭᠤᠯᠵᠤ᠂ ᠶᠠᠫᠤᠨ ᠢ ᠲᠤᠳᠤᠨᠤᠴᠢᠯᠠᠵᠤ ᠡᠪ ᠬᠠᠮᠳᠤ ᠨᠠᠮ ᠢ ᠡᠰᠡᠷᠭᠦᠴᠡᠬᠦ ᠤᠬᠠᠭᠤᠯᠭ᠎ᠠ ᠵᠢᠨ ᠬᠦᠮᠦᠵᠢᠯ ᠢ ᠶᠡᠬᠡᠪᠡᠷ ᠶᠠᠪᠤᠭᠤᠯᠪᠠ᠃ ᠡᠭᠦᠨ ᠦ ᠵᠡᠷᠭᠡ ᠪᠡᠷ ᠪᠠᠰᠠ ᠰᠤᠨᠢᠨ ᠮᠡᠳᠡᠭᠡ᠂ ᠰᠤᠨᠢᠨ ᠰᠡᠳᠬᠦᠯ  ᠵᠶᠠᠷ ᠪᠤᠭᠤᠯᠴᠢᠯᠠᠯ ᠤᠨ ᠰᠤᠷᠭᠠᠨ ᠬᠦᠮᠦᠵᠢᠯ ᠢ ᠨᠡᠩ  ᠥᠷᠭᠡᠨ ᠲᠡᠯᠭᠡᠷ ᠤᠬᠠᠭᠤᠯᠵᠤ᠂ ︽ᠮᠤᠩᠭᠤᠯ ᠬᠢᠵᠠᠭᠠᠷ ᠤᠨ ᠰᠣᠨᠢᠨ ᠮᠡᠳᠡᠭᠡ︾᠂ ︽ᠮᠤᠩᠭᠤᠯ ᠬᠢᠵᠠᠭᠠᠷ ‍ᠤᠨ ᠰᠢᠨ᠎ᠡ ᠰᠣᠨᠢᠨ︾ ︽ᠮᠤᠩᠭᠤᠯ ᠬᠢᠵᠠᠭᠠᠷ ‍ᠤᠨ ᠡᠳᠦᠷ ᠦᠨ ᠰᠣᠨᠢᠨ︾ ᠵᠡᠷᠭᠡ ᠵᠠᠭᠤᠴᠢᠯᠠᠭᠤᠷ ᠵᠶᠠᠷ ᠶᠠᠫᠤᠨ ᠡᠵᠡᠷᠭᠡᠭ ᠲᠦᠷᠢᠮᠡᠬᠡᠶᠢᠳᠡᠨ ᠦ  ᠪᠦᠷᠢᠨ ᠪᠦᠲᠦᠨ  ᠪᠣᠭᠤᠯᠴᠢᠯᠠᠯ ᠤᠨ  ᠰᠤᠷᠭᠠᠨ ᠬᠦᠮᠦᠵᠢᠯ ᠦᠨ ᠵᠣᠷᠢᠭ ᠰᠠᠨᠠᠭ᠎ᠠ ᠵᠢ ᠰᠤᠷᠳᠠᠯᠴᠢᠯᠠᠵᠤ ᠪᠠᠶᠢᠪᠠ᠃      ᠶᠠᠭᠤ ᠴᠤ ᠭᠡᠰᠡᠨ᠂ ᠶᠠᠫᠤᠨ ᠡᠵᠡᠷᠭᠡᠭ ᠲᠦᠷᠢᠮᠡᠬᠡᠶᠢᠳᠡᠨ ᠬᠦᠬᠡᠬᠤᠲᠠ ᠤᠷᠤᠨ ᠳᠤ ᠤᠯᠤᠰ ᠲᠥᠷᠥ᠂ ᠴᠡᠷᠢᠭ ᠵᠠᠰᠠᠭ᠂ ᠠᠵᠤ ᠠᠬᠤᠢ᠂ ᠰᠤᠶᠤᠯ ᠵᠡᠷᠭᠡ ᠡᠯ᠎ᠡ ᠲᠠᠯ᠎ᠠ ᠡᠴᠠ ᠪᠦᠷᠢᠨ ᠪᠦᠲᠦᠨ ᠪᠥᠭᠡᠳ ᠪᠠᠲᠤ ᠪᠠᠬᠢ ᠺᠣᠯᠣᠨᠢ ᠵᠢᠨ ᠨᠤᠶᠠᠷᠬᠠᠯ ᠤᠨ ᠰᠢᠰᠲ᠋ᠧᠮᠵᠢ ᠵᠢ ᠪᠦᠷᠢᠯᠳᠦᠬᠦᠯᠵᠦ᠂ ᠠᠳᠡᠬᠢ ᠮᠤᠩᠭᠤᠯ ᠬᠢᠲᠠᠳ ᠡᠯ᠎ᠡ ᠦᠨᠳᠦᠰᠦᠳᠡᠨ ᠦ ᠠᠷᠠᠳ ᠲᠦᠮᠡᠨ ᠺᠣᠯᠣᠨᠢ ᠵᠢᠨ ᠨᠤᠶᠠᠷᠬᠠᠯ ᠤᠨ ᠭᠠᠪᠠ ᠬᠢᠨᠵᠢᠨ ᠳᠦ ᠬᠦᠯᠢᠶᠡᠰᠦᠯᠡᠭᠳᠡᠵᠦ᠂ ᠲᠦᠨᠡᠷ ᠬᠠᠷᠠᠩᠭᠤᠢ᠂ ᠭᠠᠴᠢᠭ ᠵᠤᠪᠠᠯᠠᠩᠳᠤ ᠡᠳᠦᠷ ᠬᠤᠨᠤᠭ ᠢ ᠦᠩᠭᠡᠷᠡᠭᠦᠯᠵᠦ ᠪᠠᠶᠢᠵᠠᠢ᠃      ᠢᠷᠡᠯᠲᠡ᠄ ︽ᠬᠦᠬᠡᠬᠤᠲᠠ ᠵᠢᠨ ᠬᠤᠪᠢᠰᠬᠠᠯ ᠤᠨ ᠲᠡᠦᠭᠡ︾  ︵ᠦᠪᠦᠷ ᠮᠤᠩᠭᠤᠯ ᠤᠨ ᠶᠡᠭᠡ ᠰᠤᠷᠭᠠᠭᠤᠯᠢ ᠵᠢᠨ ᠬᠡᠪᠯᠡᠯ ᠦᠨ ᠬᠤᠷᠢᠶ᠎ᠠ 1999 ᠣᠨ ᠤ ᠬᠡᠪᠯᠡᠯ︶ ᠡᠴᠠ ᠤᠷᠴᠢᠭᠤᠯᠪᠠ      ᠲᠤᠳᠤᠷᠬᠠᠶᠢᠯᠠᠯᠲᠠ᠄      ᠲᠡᠭᠡᠷᠡᠬᠢ ᠠᠭᠤᠯᠭ᠎ᠠ ᠳᠤ ᠢᠯᠡᠷᠡᠭᠰᠡᠨ ᠤᠨᠴᠠᠭᠠᠢ ᠲᠡᠦᠭᠡᠨ ᠨᠡᠷ᠎ᠡ ᠦᠭᠡᠰ ᠢ ︽ᠦᠪᠦᠷ ᠮᠤᠩᠭᠤᠯ ᠤᠨ ᠲᠡᠦᠭᠡ ᠵᠢᠨ ᠮᠠᠲ᠋ᠧᠷᠢᠶᠠᠯ︾  ︵ᠦᠪᠦᠷ ᠮᠤᠩᠭᠤᠯ ᠤᠨ ᠠᠷᠠᠳ ᠤᠨ ᠬᠡᠪᠯᠡᠯ ᠦᠨ ᠬᠤᠷᠢᠶ᠎ᠠ᠂ 1984 ᠤᠨ ᠤ ᠬᠡᠪᠯᠡᠯ ︶᠂ ︽ᠦᠪᠦᠷ ᠮᠤᠩᠭᠤᠯ ᠤᠨ ᠲᠡᠦᠭᠡ ᠵᠢᠨ ᠲᠤᠶᠢᠮᠤ︾  ︵ᠦᠪᠦᠷ ᠮᠤᠩᠭᠤᠯ ᠤᠨ ᠰᠤᠷᠭᠠᠨ ᠬᠦᠮᠦᠵᠢᠯ ᠦᠨ ᠬᠡᠪᠯᠡᠯ ᠦᠨ ᠬᠤᠷᠢᠶ᠎ᠠ᠂ 1990 ᠣᠨ ᠤ  ᠬᠡᠪᠯᠡᠯ︶ ᠵᠡᠷᠭᠡ ᠨᠣᠮ ᠡᠴᠠ ᠯᠠᠪᠯᠠᠪᠠ᠃
 
ᠢᠷᠡᠯᠲᠡ᠄ ︽ᠬᠦᠬᠡᠬᠤᠲᠠ ᠵᠢᠨ ᠬᠤᠪᠢᠰᠬᠠᠯ ᠤᠨ ᠲᠡᠦᠭᠡ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠡᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠡᠷ ᠬᠠᠭᠤᠯᠪᠤᠷᠢᠯᠠᠬᠤ ᠵᠢ ᠡᠷᠡᠰ ᠬᠤᠷᠢᠭᠯᠠᠨ᠎ᠠ 蒙ICP备16003084号-4号