ᠬᠥᠬᠡᠬᠤᠲᠠ ᠨᠡᠷᠡᠲᠦ ᠲᠡᠮᠳᠡᠭᠲᠦ ᠶᠢᠨ ᠬᠡᠯᠬᠢᠶᠡᠵᠢᠭᠰᠡᠨ ᠲᠦᠭᠦᠮ ᠳᠡᠯᠭᠡᠭᠦᠷ ᠲᠤ ᠨᠥᠬᠦᠪᠥᠷᠢ ᠣᠯᠭᠤᠬᠤ ᠪᠠᠷ ᠪᠤᠢ
ᠨᠡᠶᠢᠲᠡᠯᠡᠭᠰᠡᠨ ᠴᠠᠭ᠄
2020-06-02
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠬᠠᠶᠢᠷᠬᠠᠨ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠬᠥᠬᠡᠬᠤᠲᠠ ᠡᠭᠦᠳᠡᠨ ᠳᠡᠯᠭᠡᠭᠦᠷ ᠨᠢ 30 ᠶᠢ ᠳᠠᠪᠠᠭᠰᠠᠨ ᠨᠡᠷᠡᠲᠦ ᠳᠡᠮᠳᠡᠭᠳᠤ ᠶᠢᠨ ᠬᠡᠯᠬᠢᠶᠡᠵᠢᠭᠰᠡᠨ ᠲᠦᠭᠦᠮ ᠳᠡᠯᠭᠡᠭᠦᠷ ᠲᠤ ᠵᠣᠬᠢᠬᠤ ᠬᠡᠮᠵᠢᠶᠡᠨ ᠤ ᠪᠡᠯᠡ ᠮᠥᠩᠭᠦᠨ ᠤ ᠨᠥᠬᠦᠪᠥᠷᠢ ᠣᠯᠭᠤᠬᠤ ᠪᠠᠷ ᠪᠤᠢ      ︽ᠬᠥᠬᠡᠬᠤᠲᠠ ᠶᠢᠨ ᠨᠡᠷᠡᠲᠦ ᠲᠡᠮᠳᠡᠭᠲᠦ ᠶᠢᠨ ᠬᠡᠯᠬᠢᠶᠡᠵᠢᠭᠰᠡᠨ ᠲᠦᠭᠦᠮ ᠳᠡᠯᠭᠡᠭᠦᠷ ᠤᠨ ᠬᠥᠭᠵᠢᠯᠲᠡ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠢ ᠦᠨᠳᠦᠰᠦᠯᠡᠪᠡᠯ᠂ ᠬᠥᠬᠡᠬᠤᠲᠠ ᠡᠭᠦᠳᠡᠨ ᠳᠡᠯᠭᠡᠭᠦᠷ ᠨᠢ 30 ᠶᠢ ᠳᠠᠪᠠᠭᠰᠠᠨ ᠨᠡᠷᠡᠲᠦ ᠳᠡᠮᠳᠡᠭᠳᠤ ᠶᠢᠨ ᠬᠡᠯᠬᠢᠶᠡᠵᠢᠭᠰᠡᠨ ᠲᠦᠭᠦᠮ ᠳᠡᠯᠭᠡᠭᠦᠷ ᠤᠨ ᠠᠵᠤ ᠠᠬᠤᠶᠢᠯᠠᠯ ᠳᠤ ᠰᠢᠨ᠎ᠡ ᠪᠠᠷ ᠨᠢᠭᠡ ᠰᠢᠭᠤᠳ ᠡᠵᠡᠩᠨᠡᠯᠲᠡ ᠶᠢᠨ ᠳᠡᠯᠭᠡᠭᠦᠷ ᠡᠷᠬᠢᠯᠡᠪᠡᠯ 20000 ᠲᠥᠭᠦᠷᠢᠭ᠂ ᠬᠤᠯᠪᠣᠭᠠᠳᠤ ᠳᠡᠯᠭᠡᠭᠦᠷ ᠡᠷᠬᠢᠯᠡᠬᠦ ᠪᠦᠷᠢ 10000 ᠲᠥᠭᠦᠷᠢᠭ ᠤᠨ ᠨᠥᠬᠦᠪᠥᠷᠢ ᠣᠯᠭᠤᠨ᠎ᠠ᠃ 5000 ᠳᠡᠭᠰᠢ ᠲᠦᠷᠪᠡᠯᠵᠢᠨ ᠮᠧᠲᠷ ᠠᠴᠠ ᠳᠡᠭᠡᠭᠰᠢᠬᠢ ᠠᠵᠤ ᠠᠬᠤᠶᠢᠯᠠᠯ ᠤᠨ ᠳᠤᠬᠢᠷᠠᠭᠤᠯᠤᠨ ᠬᠦᠷᠭᠡᠬᠦ ᠲᠥᠪ ᠢ ᠰᠢᠨ᠎ᠡ ᠪᠠᠷ ᠪᠠᠶᠢᠭᠤᠯᠤᠭᠰᠠᠨ ᠪᠤᠶᠤ ᠵᠠᠰᠠᠨ ᠪᠠᠶᠢᠭᠤᠯᠤᠭᠰᠠᠨ ᠪᠣᠯ ᠵᠢᠯ ᠪᠦᠷᠢ ᠶᠢᠨ ᠵᠠᠰᠠᠵᠤ ᠴᠢᠮᠡᠭᠯᠡᠭᠰᠡᠨ ᠪᠤᠶᠤ ᠬᠠᠳᠠᠭᠤ ᠲᠣᠨᠤᠭ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ 20% ᠪᠠᠷ᠂ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃      ᠡᠭᠦᠨ ᠤ ᠬᠠᠮᠲᠤ᠂ ᠨᠡᠷᠡᠲᠦ ᠳᠡᠮᠳᠡᠭᠳᠤ ᠶᠢᠨ ᠬᠡᠯᠬᠢᠶᠡᠵᠢᠭᠰᠡᠨ ᠳᠥᠭᠦᠮ ᠳᠡᠯᠭᠡᠭᠦᠷ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠬᠥᠬᠡᠬᠤᠲᠠ ᠶᠢᠨ ᠬᠢᠨ ᠨᠢᠭᠡ ᠦᠨᠡᠮᠯᠡᠯ ᠳᠤ ᠣᠯᠠᠨ ᠬᠠᠶ᠋ᠢᠭ ᠳᠡᠩᠰᠡᠯᠡᠨ ᠲᠡᠮᠳᠡᠭᠯᠡᠬᠦ᠂ ᠬᠡᠰᠡᠭ ᠡᠮ ᠤᠨ ᠵᠦᠢᠯ ᠤᠨ ᠡᠵᠡᠩᠨᠡᠯᠲᠡ ᠶᠢᠨ ᠬᠢᠵᠠᠭᠠᠷᠯᠠᠯ ᠢ ᠴᠢᠯᠦᠭᠡᠳᠡᠢ ᠪᠣᠯᠭᠠᠬᠤ᠂ ᠠᠷᠠᠳ ᠲᠤ ᠲᠥᠬᠦᠮ ᠦᠵᠡᠭᠦᠯᠵᠦ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠪᠤᠢ᠃     2022 ᠣᠨ ᠪᠣᠯᠲᠠᠯ᠎ᠠ ᠣᠷᠣᠨ ᠤ ᠲᠥᠪ ᠬᠤᠲᠠ ᠶᠢᠨ ᠨᠡᠷᠡᠲᠦ ᠳᠡᠮᠳᠡᠭᠳᠤ ᠶᠢᠨ ᠬᠡᠯᠬᠢᠶᠡᠵᠢᠭᠰᠡᠨ ᠳᠥᠭᠦᠮ ᠳᠡᠯᠭᠡᠭᠦᠷ ᠤᠨ ᠲᠤᠭ᠎ᠠ ᠶᠢ 2000 ᠠᠴᠠ ᠳᠠᠪᠠᠭᠤᠯᠬᠤ ᠪᠠᠷ ᠴᠢᠷᠮᠠᠶᠢᠵᠦ᠂ 3 — 5 ᠨᠡᠷᠡᠲᠦ ᠳᠡᠮᠳᠡᠭᠳᠤ ᠶᠢᠨ ᠬᠡᠯᠬᠢᠶᠡᠵᠢᠭᠰᠡᠨ ᠳᠥᠭᠦᠮ ᠳᠡᠯᠭᠡᠭᠦᠷ ᠡᠵᠡᠩᠨᠡᠭᠰᠡᠨ ᠠᠵᠤ ᠠᠬᠤᠢᠢᠯᠠᠯ ᠢ ᠬᠠᠪᠰᠤᠷᠤᠨ ᠡᠭᠦᠳᠡᠨ ᠳᠡᠯᠬᠡᠬᠦᠷ ᠢ ᠨᠢ 200 ᠠᠴᠠ ᠲᠠᠪᠠᠭᠤᠯᠬᠤ ᠪᠠᠷ ᠴᠢᠷᠮᠠᠶᠢᠵᠤ᠂ ᠤᠯᠤᠰ ᠤᠨ ᠳᠣᠲᠣᠭᠠᠳᠤ ᠶᠢᠨ ᠨᠡᠷᠡᠲᠦ ᠳᠡᠮᠳᠡᠭᠳᠦ ᠶᠢᠨ ᠳᠥᠭᠦᠮ ᠳᠡᠯᠬᠡᠬᠦᠷ ᠤᠨ ᠠᠵᠤ ᠠᠬᠤᠶᠢᠯᠠᠯ ᠢ 1 — 2 ᠢ ᠤᠷᠤᠭᠤᠯᠵᠦ᠂ ᠴᠢᠨᠠᠷ ᠰᠠᠶᠢᠳᠠᠢ ᠬᠡᠯᠬᠢᠶᠡᠵᠢᠭᠰᠡᠨ ᠲᠦᠭᠦᠮ ᠳᠡᠯᠭᠡᠭᠦᠷ ᠢ ᠨᠡᠶᠢᠭᠡᠮ ᠲᠣᠭᠤᠷᠢᠭ ᠪᠠ ᠬᠤᠰᠢᠭᠤ ᠰᠢᠶᠠᠨ ᠤ ᠭᠤᠤᠯ ᠪᠣᠯᠬᠤ ᠰᠢᠶᠠᠩ ᠪᠠᠯᠭᠠᠰᠤ ᠳᠤ ᠪᠦᠬᠦᠨ ᠢ ᠪᠦᠷᠬᠦᠭᠦᠯᠬᠦ ᠪᠠᠷ ᠬᠦᠴᠦᠯᠡᠵᠦ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号