6 ᠳ᠋ᠤᠭᠠᠷ ᠰᠠᠷ᠎ᠠ ᠶᠢᠨ 19 ᠤ ᠡᠳᠦᠷ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ | ᠸᠧᠶ ᠬᠤᠩ ᠵᠢᠶᠦ᠋ᠨ ᠲᠤᠭᠤᠷᠢᠭ ᠤᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ | ᠦᠨᠳᠦᠰᠦᠨ ᠱᠠᠲᠤᠨ ᠤ ᠵᠠᠰᠠᠯᠲᠠ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ | ᠬᠤᠯᠪᠤᠭᠳᠠᠯ ᠪᠦᠬᠦᠢ ᠪᠠᠶᠢᠳᠠᠯ ᠪᠣᠯᠤᠨ ᠵᠡᠭᠡᠯᠢ ᠭᠤᠳᠤᠮᠵᠢ ᠶᠢᠨ ᠡᠷᠬᠡ ᠬᠠᠷᠢᠭᠤᠴᠠᠯᠭ᠎ᠠ ᠶᠢᠨ ᠨᠠᠶᠢᠨ ᠬᠠᠭᠤᠳᠠᠰᠤ᠂ | ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠤᠨᠤᠰᠴᠤ᠂ ᠤᠢᠢᠷ᠎ᠠ ᠶᠢᠨ ᠬᠤᠭᠤᠴᠠᠭᠠᠨ ᠤ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠪᠠᠶᠢᠭᠤᠯᠤᠯ ᠤᠨ | ᠦᠭᠡᠷᠡᠴᠢᠯᠡᠯᠲᠡ ᠶᠢᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | | | | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠤᠯᠤᠰ | ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠭᠤᠤᠯᠳᠠᠯᠭ᠎ᠠ ᠪᠠᠨ ᠨᠠᠮ ᠤᠨ | ᠪᠠᠶᠢᠭᠤᠯᠤᠯᠲᠠ ᠶᠢ ᠠᠳᠬᠤᠬᠤ᠂ ᠦᠢᠯᠡᠴᠢᠯᠡᠭᠡ ᠶᠢ ᠠᠳᠬᠤᠬᠤ᠂ ᠬᠠᠮᠢᠶᠠᠷᠤᠯᠲᠠ ᠶᠢᠨ ᠭᠤᠤᠯ ᠠᠵᠢᠯ ᠢ ᠠᠳᠬᠤᠬᠤ | ᠳᠡᠭᠡᠷ᠎ᠡ ᠰᠢᠯᠵᠢᠭᠦᠯᠵᠦ᠂ ᠭᠤᠣᠯ ᠤᠳᠤᠷᠢᠳᠤᠯᠭ᠎ᠠ ᠨᠢ ᠨᠠᠮ ᠤᠨ ᠪᠠᠶᠢᠭᠤᠯᠤᠯᠲᠠ ᠶᠢᠨ ᠠᠵᠢᠯ ᠢ ᠦᠪᠡᠷ ᠢᠶᠠᠨ | ᠲᠥᠰᠦᠪᠯᠡᠨ ᠰᠤᠳᠤᠯᠵᠤ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠢᠶ᠎ᠠ ᠪᠥᠬᠦᠶ ᠠᠵᠢᠯ ᠤᠨ ᠵᠣᠷᠢᠭ ᠰᠠᠨᠠᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠲᠡᠷᠡ ᠶᠤᠰᠤᠭᠠᠷ ᠨᠢ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠡᠷᠬᠡ ᠣᠯᠭᠤᠬᠤ᠂ | ᠴᠢᠳᠠᠪᠤᠷᠢ ᠶᠢ ᠥᠷᠭᠡᠳᠬᠡᠬᠦ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠪᠣᠳᠠᠲᠠᠶ ᠬᠡᠷᠡᠭᠵᠢᠭᠦᠯᠵᠦ︔ ︽ᠵᠠᠷᠭᠤ ᠶᠢ | ᠬᠦᠯᠢᠶᠡᠨ ᠠᠪᠤᠮᠠᠭᠴᠠ ᠰᠢᠢᠳᠪᠦᠷᠢᠯᠡᠬᠦ︾ ᠵᠢᠯᠣᠭᠤᠳᠬᠤ ᠲᠠᠪᠴᠠᠩ ᠢ ᠰᠠᠶᠢᠲᠤᠷ ᠪᠠᠶᠢᠭᠤᠯᠵᠤ᠂ ᠪᠥᠬᠦ | ᠬᠦᠴᠦᠨ ᠢᠶᠠᠷ ᠢᠶᠠᠨ ᠬᠠᠮᠵᠢᠯᠴᠠᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠣᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠭᠦᠢᠴᠡᠳᠭᠡᠬᠦ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠰᠢᠨ᠎ᠡ ᠬᠤᠲᠠ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠨ ᠬᠦ | ᠳᠡᠭᠡᠭᠰᠢᠯᠡᠭᠦᠯᠵᠦ︔ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠦᠢᠯᠡᠴᠢᠯᠡᠭᠡᠨ ᠤ ᠴᠢᠳᠠᠮᠵᠢ ᠶᠢ | ᠥᠷᠭᠡᠳᠬᠡᠵᠦ᠂ ᠵᠢᠯ ᠤᠨ ᠳᠣᠲᠣᠷ᠎ᠠ ᠪᠥᠬᠦ ᠣᠷᠣᠨ ᠤ ᠨᠡᠶᠢᠭᠡᠮ ᠲᠣᠭᠤᠷᠢᠭ᠂ ᠬᠦᠳᠡᠭᠡ ᠲᠣᠰᠬᠤᠨ ᠤ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠢ ᠪᠦᠷᠢᠨ ᠪᠦᠷᠬᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠷᠠᠳ ᠲᠦᠮᠡᠨ ᠢᠶᠠᠷ | ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨᠬᠦ ᠲᠤᠭᠤᠰᠢᠯᠠᠭᠤᠯᠵᠤ᠂ ᠵᠡᠭᠡᠯᠢ ᠭᠤᠳᠤᠮᠵᠢ ᠶᠢᠨ | ᠬᠠᠮᠢᠶᠠᠷᠤᠯᠲᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠠᠷᠠᠳ ᠲᠦᠮᠡᠨ ᠳᠤ | ᠦᠢᠯᠡᠴᠢᠯᠡᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ᠣᠯᠠᠨ ᠲᠦᠮᠡᠨ ᠳᠤ ᠦᠭᠡᠷᠡᠴᠢᠯᠡᠯᠲᠡ ᠶᠢᠨ ᠠᠰᠢᠭ | ᠲᠤᠰᠠ ᠶᠢ ᠬᠠᠮᠲᠤᠪᠠᠷ ᠡᠳ᠋ᠯᠡᠭᠦᠯᠬᠦ ᠬᠡᠷᠡᠭᠲᠡᠢ ᠭᠡᠪᠡ᠃ |