| | | ᠲᠦᠷᠦᠭᠦᠬᠡᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ | ᠳᠠᠷᠤᠭ᠎ᠠ ᠶᠢᠨ ᠴᠦᠨ ᠯᠢᠶᠠᠩ ᠰᠢᠶᠠᠨ ᠤ ᠵᠠᠰᠠᠭ ᠤᠨ ᠣᠷᠳᠣᠨ ᠤ 2020 ᠣᠨ ᠤ 9 ᠳ᠋ᠦᠭᠡᠷ ᠤᠳᠠᠭ᠎ᠠ ᠶᠢᠨ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠦᠴᠤᠸᠠᠨ ᠰᠢᠶᠠᠨ ᠤ ᠡᠷᠬᠡ ᠶᠢᠨ ︿ᠮᠠᠷᠢᠶ᠎ᠠ | ᠰᠢᠭᠤᠷᠠᠭᠤᠯᠬᠤ﹀᠂ ᠵᠠᠰᠠᠭ ᠤᠨ ᠶᠠᠪᠤᠳᠠᠯ ᠤᠨᠦᠢᠯᠡᠴᠢᠯᠡᠭᠡ ᠶᠢᠨ ︿ᠭᠤᠷᠪᠠ ᠶᠢ ᠬᠠᠰᠤᠵᠤ ᠨᠢᠭᠡ ᠶᠢ ᠨᠡᠮᠡᠭᠳᠡᠭᠦᠯᠬᠦ﹀ | ᠶᠢ ᠠᠬᠢᠭᠤᠯᠬᠤ ᠬᠡᠷᠡᠭᠵᠢᠭᠦᠯᠬᠦ ᠲᠥᠰᠦᠯ︾᠂ ︽ᠦᠴᠤᠸᠠᠨ ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ︿ᠠᠷᠪᠠᠨ ᠨᠢᠭᠡ﹀ ᠶᠢ ᠬᠡᠷᠡᠭᠵᠢᠭᠦᠯᠬᠦ ᠂ ︽ᠠᠭᠤᠯᠵᠠᠬᠤ ᠥᠬᠡᠶ ᠬᠢᠨᠠᠨ ᠵᠥᠪᠰᠢᠶᠡᠷᠡᠬᠦ﹀ ᠶᠢ | ᠪᠥᠬᠦ ᠲᠠᠯ᠎ᠠ ᠪᠠᠷ ᠠᠬᠢᠭᠤᠯᠬᠤ ᠲᠥᠰᠦᠯ︾᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠲᠣᠨᠤᠭ | ᠲᠥᠬᠦᠭᠡᠷᠦᠮᠵᠢ ᠶᠢ ᠳᠣᠭᠢᠷᠠᠭᠤᠯᠬᠤ ᠳᠤ ᠬᠡᠷᠡᠭᠰᠡᠬᠦ ᠵᠠᠷᠤᠳᠠᠯ᠂ ᠠᠵᠢᠯ ᠣᠯᠭᠤᠬᠤ ᠦᠢᠯᠡᠴᠢᠯᠡᠭᠡᠨ ᠤ ᠲᠢᠩᠬᠢᠮ ᠤᠨ | ᠺᠣᠮᠫᠢᠤᠲ᠋ᠧᠷ ᠤᠨ ᠲᠥᠬᠦᠭᠡᠷᠦᠮᠵᠢ ᠶᠢ ᠰᠢᠨᠡᠳᠬᠡᠬᠦ᠂ ᠠᠶᠤᠯ ᠥᠬᠡᠶ ᠦᠢᠯᠡᠳᠪᠦᠷᠢᠯᠡᠯ ᠤᠨ ᠠᠵᠢᠯ᠂ ᠭᠤᠤᠯ ᠤᠨ ᠵᠠᠮ ᠢ | ᠬᠠᠶᠢᠷ ᠮᠠᠯᠲᠠᠬᠤ ᠠᠵᠢᠯ᠂ ᠵᠠᠰᠠᠭ ᠤᠨ ᠣᠷᠳᠣᠨ ᠤ ᠥᠷᠢ ᠥᠭᠴᠡᠭᠡ ᠶᠢ ᠳᠠᠬᠢᠨ ᠵᠣᠬᠢᠶᠠᠨ ᠪᠠᠶᠢᠭᠤᠯᠬᠤ᠂ ᠣᠷᠣᠨ | ᠰᠠᠭᠤᠴᠠ ᠶᠢᠨ ᠵᠢᠵᠢᠭ ᠲᠣᠭᠤᠷᠢᠭ ᠢ ᠳᠣᠭᠢᠷᠠᠭᠤᠯᠤᠨ ᠪᠠᠶᠢᠭᠤᠯᠬᠤ ᠬᠡᠤᠬᠡᠳ ᠤᠨ ᠴᠡᠴᠡᠷᠯᠢᠭ ᠤᠨ ᠠᠬᠢᠴᠠ ᠶᠢᠨ | ᠪᠠᠶᠢᠳᠠᠯ᠂ ᠤᠯᠤᠰ ᠤᠨ ᠲᠠᠰ ᠤᠨ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠦᠴᠦᠸᠠᠨ ᠰᠢᠶᠠᠨ ᠤ ᠬᠡᠰᠡᠭ ᠤᠨ ᠠᠭᠤᠷᠬᠠᠢ ᠶᠢᠨ ᠠᠮᠢ ᠠᠬᠤᠶ ᠶᠢ ᠵᠠᠰᠠᠨ ᠰᠡᠷᠭᠦᠭᠡᠬᠦ ᠠᠷᠭ᠎ᠠ ᠵᠢᠴᠢ ᠬᠡᠷᠡᠭᠰᠡᠬᠦ ᠪᠡᠯᠡ | ᠮᠥᠩᠭᠦ ᠪᠠ ᠰᠢᠷᠪᠤᠰᠤᠨ ᠴᠢᠯᠠᠭᠤᠨ ᠪᠥᠲᠦᠭᠡᠭᠳᠡᠬᠦᠨ ᠤ ᠦᠢᠯᠡᠳᠪᠦᠷᠢ ᠶᠢᠨ ᠪᠠᠶᠢᠭᠤᠯᠤᠯ ᠢ ᠬᠤᠪᠢᠷᠠᠭᠤᠯᠬᠤ | ᠬᠤᠯᠪᠤᠭᠳᠠᠯ ᠪᠥᠬᠦᠢ ᠬᠡᠷᠡᠭ ᠢ ᠰᠣᠳᠤᠯᠤᠨ ᠶᠠᠷᠢᠯᠴᠠᠪᠠ᠃ | ᠶᠢᠨ ᠴᠦᠨ ᠯᠢᠶᠠᠩ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠶ ᠪᠠᠷ | ᠬᠠᠮᠵᠢᠯᠴᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠤᠳᠠᠯᠳᠤᠭ᠎ᠠ ᠡᠵᠡᠩᠨᠡᠬᠦ | ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠬᠦᠴᠢᠷᠲᠡᠶ ᠠᠰᠠᠭᠤᠳᠠᠯ ᠢ ᠴᠠᠭ ᠲᠤᠬᠠᠶ ᠳᠤᠨᠢ ᠳᠡᠭᠡᠭᠰᠢ | ᠮᠡᠳᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠠᠷᠠᠭᠠᠴᠢ ᠶᠢᠨ ᠠᠯᠬᠤᠮ ᠤᠨ ᠠᠵᠢᠯ ᠢ ᠵᠦᠶ | ᠵᠣᠬᠢᠰᠲᠠᠶ ᠲᠡᠭᠦᠯᠳᠡᠷᠵᠢᠭᠦᠯᠵᠤ᠂ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠵᠡᠷᠭᠡ ᠶᠡᠭᠡ ᠲᠢᠩᠬᠢᠮ ᠤᠨ ᠲᠥᠬᠦᠭᠡᠷᠦᠮᠵᠢ ᠶᠢ ᠴᠠᠭ ᠲᠤᠬᠠᠶ ᠳᠤᠨᠢ ᠰᠢᠨᠡᠳᠬᠡᠨ᠎ᠡ᠃ ᠬᠠᠮᠢᠶ᠎ᠠ ᠪᠦᠬᠦᠢ | ᠰᠠᠯᠠᠭ᠎ᠠ ᠮᠥᠴᠢᠷ᠂ ᠰᠢᠶᠠᠩ ᠪᠠᠯᠭᠠᠰᠤ ᠨᠢ ᠦᠶᠡᠷ ᠢ ᠰᠡᠷᠭᠡᠶᠢᠯᠡᠬᠦ ᠠᠵᠢᠯ ᠤᠨ ᠤᠷᠢᠳᠴᠢᠯᠠᠭᠰᠠᠨ ᠲᠥᠰᠦᠯ᠂ | ᠰᠣᠷᠢᠯᠲᠠ ᠶᠢ ᠰᠠᠶᠢᠲᠤᠷ ᠬᠢᠵᠦ᠂ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠵᠠᠮ ᠬᠠᠷᠢᠯᠴᠠᠭᠠᠨ ᠤ ᠠᠵᠢᠯ ᠢ | ᠲᠤᠬᠢᠷᠠᠭᠤᠯᠤᠨ ᠪᠠᠶᠢᠷᠢᠯᠠᠭᠤᠯᠵᠤ᠂ ᠪᠦᠷᠢᠨ ᠲᠥᠬᠦᠷ ᠲᠣᠭᠲᠠᠴᠠ ᠶᠢ ᠪᠠᠶᠢᠭᠤᠯᠤᠨ᠂ ᠬᠤᠷᠢᠭ᠎ᠠ ᠱᠤᠭᠤᠮ ᠤᠨ | ᠰᠡᠳᠬᠢᠬᠦᠶ ᠪᠠᠨ ᠴᠠᠭ ᠢᠮᠠᠭᠲᠠ ᠪᠠᠲᠤᠯᠠᠬᠤ ᠬᠡᠷᠡᠭᠲᠡᠶ᠃ ᠡᠯᠡᠰᠦ ᠮᠠᠯᠲᠠᠬᠤ ᠠᠵᠢᠯ ᠢ ᠵᠢᠷᠤᠮᠵᠢᠭᠤᠯᠤᠨ᠂ ᠬᠠᠶᠠᠭᠳᠠᠮᠠᠯ | ᠴᠢᠯᠠᠭᠤᠨ ᠮᠠᠲ᠋ᠧᠷᠢᠶᠠᠯ ᠢ ᠵᠦᠶ ᠵᠣᠬᠢᠰᠲᠠᠶ ᠠᠰᠢᠭᠯᠠᠨ᠂ ᠭᠤᠤᠯ ᠤᠨ ᠵᠠᠮ ᠢ ᠢᠯᠭᠠᠷᠠᠭᠤᠯᠤᠨ ᠵᠠᠰᠠᠬᠤ ᠵᠡᠷᠭᠡ ᠠᠵᠢᠯ ᠢ | ᠰᠠᠶᠢᠲᠤᠷ ᠬᠢᠬᠦ ᠬᠡᠷᠡᠭᠲᠡᠶ ᠭᠡᠪᠡ᠃ | ᠶᠢᠨ ᠴᠦᠨ ᠯᠢᠶᠠᠩ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ | ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ | ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ | ᠃ ︵ᠵᠧᠦ ᠶᠠᠨ ᠯᠢᠦ ᠰᠢᠶᠤᠤ ᠰᠢᠤᠢ︶ |