ᠬᠤᠷᠢᠨᠭᠡᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠫᠠᠶᠢᠰᠠ ᠰᠡᠬᠦᠬᠦ ᠶᠣᠰᠣᠯᠠᠯ ᠢ ᠶᠠᠪᠤᠭᠤᠯᠪᠠ
ᠨᠡᠶᠢᠲᠡᠯᠡᠭᠰᠡᠨ ᠴᠠᠭ᠄
2020-06-22
     6 ᠳ᠋ᠤᠭᠠᠷ ᠰᠠᠷ᠎ᠠ ᠶᠢᠨ 18 ᠤ ᠡᠳᠦᠷ᠂ ᠬᠤᠷᠢᠨᠭᠡᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢᠶᠠᠨ ᠤ ᠳᠣᠲᠤᠭᠠᠳᠤ ᠶᠢ ᠬᠠᠮᠠᠭᠠᠯᠠᠬᠤ ᠲᠣᠪᠴᠢᠶᠠᠨ ᠤ ᠠᠰᠠᠷ ᠤᠨ ᠪᠠᠷᠠᠭᠤᠨ ᠲᠠᠯ᠎ᠠ ᠳᠤ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠫᠠᠶᠢᠰᠠ ᠰᠡᠬᠦᠬᠦ ᠶᠣᠰᠣᠯᠠᠯ ᠢ ᠶᠠᠪᠤᠭᠤᠯᠪᠠ᠃ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠬᠦ ᠪᠦᠷᠢᠯᠳᠦᠬᠦᠨ᠂ ᠰᠢᠶᠠᠨ ᠤ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠬᠦ ᠪᠦᠷᠢᠯᠳᠦᠬᠦᠨ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠠᠶᠢᠭᠤᠯᠭ᠎ᠠ ᠶᠢᠨ ᠬᠡᠰᠡᠭ ᠲᠣᠮᠢᠯᠠᠭᠰᠠᠨ ᠰᠠᠯᠪᠣᠷᠢ ᠠᠩᠭᠢ ᠶᠢᠨ ᠬᠠᠷᠢᠭᠤᠴᠠᠯᠭᠠᠲᠠᠨ ᠵᠢᠴᠢ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠥᠬᠦ ᠠᠷᠠᠳ ᠤᠨ ᠴᠠᠭᠳᠠᠭ᠎ᠠ ᠶᠣᠰᠣᠯᠠᠯ ᠳᠤ ᠣᠷᠣᠯᠴᠠᠪᠠ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠴᠢᠤᠸᠠᠨ ᠱᠧᠩ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠤ᠂ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠠᠩ ᠵᠢᠶᠠᠨ ᠴᠢᠩ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠬᠠᠷᠢᠭᠤᠴᠠᠯᠭᠠᠲᠠᠨ ᠲᠤᠰ ᠲᠤᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠵᠠᠩ ᠵᠢᠶᠠᠨ ᠴᠢᠩ ᠴᠢᠬᠤᠯᠠᠴᠢᠯᠠᠭᠰᠠᠨ ᠨᠢ᠂ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠠᠶᠢᠭᠤᠯᠤᠭᠳᠠᠭᠰᠠᠨ ᠨᠢ ᠮᠠᠨ ᠤ ᠰᠢᠶᠠᠨ ᠤ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ︽ᠵᠠᠰᠠᠭ ᠪᠣᠯ ᠵᠠᠰᠠᠭ ᠂ ᠴᠠᠭᠳᠠᠭ᠎ᠠ ᠪᠣᠯ ᠴᠠᠭᠳᠠᠭ᠎ᠠ᠂ ᠠᠵᠤ ᠠᠬᠤᠶᠢᠯᠠᠯ ᠪᠣᠯ ᠠᠵᠤ ᠠᠬᠤᠶᠢᠯᠠᠯ ᠮᠥᠨ︾ ᠭᠡᠰᠡᠨ ᠱᠠᠭᠠᠷᠳᠠᠯᠭ᠎ᠠ ᠶᠢ ᠦᠢᠯᠡᠳᠦᠯᠭᠡᠵᠢᠭᠦᠯᠦᠭᠰᠡᠨ ᠠᠮᠢᠳᠤᠯᠢᠭ ᠦᠢᠯᠡᠳᠦᠯᠭᠡ ᠪᠠᠶᠢᠵᠣ᠂ ᠦᠵᠡᠯ ᠰᠠᠨᠠᠭ᠎ᠠ ᠲᠠᠨᠢᠯᠲᠠ ᠪᠠᠨ ᠪᠦᠬᠦ ᠲᠠᠯ᠎ᠠ ᠪᠠᠷ ᠨᠢᠭᠡᠳᠬᠡᠵᠦ᠂ ︽ᠳᠥᠷᠪᠡᠨ ᠤᠬᠠᠮᠰᠠᠷ︾ ᠢ ᠪᠠᠲᠤ ᠪᠠᠬᠢ ᠪᠣᠢ ᠪᠣᠯᠭᠠᠵᠤ᠂ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠰᠠᠬᠢᠯᠭ᠎ᠠ ᠪᠠᠲᠤ ᠶᠢ ᠰᠠᠬᠢᠬᠤ ᠦᠨᠳᠦᠷᠴᠡ ᠳᠡᠭᠡᠷ᠎ᠡ ᠵᠣᠭᠰᠣᠵᠤ᠂ ᠥᠭᠡᠷᠡᠴᠢᠯᠡᠯᠲᠡ ᠶᠢᠨ ᠶᠡᠭᠡ ᠲᠠᠯ᠎ᠠ ᠶᠢ ᠡᠷᠡᠰ ᠬᠦᠷᠢᠶᠡᠯᠡᠨ ᠳᠠᠭᠠᠵᠤ᠂ ᠥᠭᠡᠷᠡᠴᠢᠯᠡᠯᠲᠡ ᠶᠢᠨ ᠳᠠᠷᠠᠭᠠᠴᠢ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ︔ ᠥᠭᠡᠷᠡᠴᠢᠯᠡᠯᠲᠡ ᠶᠢᠨ ᠴᠢᠬᠤᠯᠠ ᠶᠡᠭᠡ ᠠᠵᠠ ᠲᠣᠬᠢᠶᠠᠯ ᠢ ᠭᠦᠢᠴᠡᠳ ᠠᠰᠢᠭᠯᠠᠨ᠂ ᠠᠵᠠ ᠲᠣᠬᠢᠶᠠᠯ ᠢ ᠴᠢᠩᠭ᠎ᠠ ᠠᠳᠬᠤᠵᠤ᠂ ᠳᠠᠬᠢᠨ ᠰᠢᠨ᠎ᠡ ᠭᠠᠪᠢᠶ᠎ᠠ ᠪᠠᠶᠢᠭᠤᠯᠵᠤ᠂ ᠰᠢᠨ᠎ᠡ ᠴᠠᠭ ᠦᠶ᠎ᠡ ᠳᠤ ᠰᠠᠭᠤᠷᠢᠯᠠᠨ᠂ ᠰᠢᠨ᠎ᠡ ᠱᠠᠭᠠᠷᠳᠠᠯᠭ᠎ᠠ ᠶᠢ ᠡᠵᠡᠮᠰᠢᠵᠦ᠂ ᠰᠢᠨ᠎ᠡ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠷᠢᠵᠦ᠂ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠪᠦᠬᠦ ᠰᠢᠶᠠᠨ ᠤ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠬᠠᠮᠠᠭᠠᠯᠠᠵᠤ᠂ ᠬᠥᠭᠵᠢᠯᠲᠡ ᠶᠢ ᠠᠬᠢᠭᠤᠯᠬᠤ ᠶᠡᠭᠡ ᠲᠠᠯ᠎ᠠ ᠳᠤ ᠲᠠᠯᠪᠢᠵᠤ᠂ ᠠᠷᠭ᠎ᠠ ᠰᠦᠪᠡᠭᠴᠢᠯᠡᠨ ᠠᠬᠢᠭᠤᠯᠵᠤ᠂ ᠨᠡᠩ ᠳᠡᠭᠡᠳᠦ ᠬᠢᠷᠢ ᠲᠦᠪᠰᠢᠨ᠂ ᠨᠡᠩ ᠴᠢᠩᠭ᠎ᠠ ᠡᠷᠳᠡᠮ ᠴᠢᠳᠠᠪᠤᠷᠢ᠂ ᠨᠡᠩ ᠰᠠᠶᠢᠨ ᠤᠶᠤᠨ ᠰᠠᠨᠠᠭᠠᠨ ᠤ ᠳᠦᠷᠰᠦ ᠪᠠᠶᠢᠳᠠᠯ ᠪᠦᠲᠦᠭᠡᠯᠴᠢ ᠴᠢᠨᠠᠷ ᠢᠶᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠶ︔ ᠨᠠᠮ ᠢ ᠬᠠᠮᠢᠶᠠᠷᠴᠣ ᠴᠠᠭᠳᠠᠭ᠎ᠠ ᠶᠢ ᠵᠠᠰᠠᠬᠤ ᠠᠵᠢᠯ ᠤᠨ ᠡᠷᠴᠢᠮ ᠢᠶᠠᠨ ᠴᠢᠩᠬᠠᠳᠬᠠᠵᠤ᠂ ᠡᠭᠦᠷᠭᠡ ᠬᠠᠷᠢᠭᠤᠴᠠᠯᠭ᠎ᠠ ᠳᠠᠭᠠᠨ ᠦᠨᠡᠨᠴᠢ᠂ ᠡᠭᠦᠷᠭᠡ ᠬᠠᠷᠢᠭᠤᠴᠠᠯᠭ᠎ᠠ ᠪᠠᠨ ᠰᠠᠶᠢᠲᠣᠷ ᠭᠦᠢᠴᠡᠳᠬᠡᠵᠦ᠂ ᠲᠣᠬᠢᠷᠠᠭᠤᠯᠤᠯᠲᠠ ᠬᠢᠬᠦ ᠶᠢᠨ ᠳᠠᠭᠠᠤ ᠠᠵᠢᠯᠯᠠᠬᠤ ᠶᠢ ᠪᠠᠷᠢᠮᠲᠠᠯᠠᠵᠤ᠂ ᠠᠵᠢᠯ ᠶᠠᠪᠤᠳᠠᠯ ᠤᠨ ᠡᠷᠬᠡ ᠶᠢᠨ ᠬᠠᠷᠢᠴᠠᠭ᠎ᠠ᠂ ᠳᠡᠰ ᠳᠠᠪᠬᠤᠷᠭ᠎ᠠ ᠶᠢᠨ ᠬᠠᠷᠢᠴᠠᠭ᠎ᠠ᠂ ᠪᠦᠲᠦᠴᠡ ᠶᠢᠨ ᠬᠠᠷᠢᠴᠠᠭ᠎ᠠ ᠶᠢ ᠲᠦᠷᠭᠡᠳᠬᠡᠨ ᠰᠢᠯᠤᠭᠤᠳᠬᠠᠵᠤ᠂ ᠣᠷᠣᠨ ᠨᠤᠲᠤᠭ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶᠢᠯᠠᠭᠰᠠᠨ ᠠᠵᠢᠯ ᠲᠠᠢ ᠵᠣᠯᠭᠠᠭᠤᠯᠬᠤ ᠶᠢ ᠦᠨᠡᠨᠬᠦ ᠰᠠᠶᠢᠲᠤᠷ ᠬᠢᠵᠦ᠂ ᠦᠵᠡᠯ ᠰᠠᠨᠠᠭᠠᠨ ᠤ ᠬᠥᠮᠦᠵᠢᠯ ᠪᠣᠯᠤᠨ ᠡᠩᠨᠡᠭᠡᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠬᠠᠳᠬᠠᠵᠤ᠂ ᠥᠷᠭᠡᠨ ᠣᠯᠠᠨ ᠠᠷᠠᠳ ᠤᠨ ᠴᠠᠭᠳᠠᠭ᠎ᠠ ᠶᠢᠨ ᠥᠭᠡᠷᠡᠴᠢᠯᠡᠯᠲᠡ ᠶᠢ ᠬᠦᠷᠢᠶᠡᠯᠡᠵᠦ᠂ ᠥᠭᠡᠷᠡᠴᠢᠯᠡᠯᠲᠡ ᠵᠢ‌‍ᠲ᠋ᠠᠭᠠᠵᠤ᠂ ᠥᠭᠡᠷᠡᠴᠢᠯᠡᠯᠲᠡ ᠳᠤ ᠣᠷᠣᠯᠴᠠᠬᠤ ᠶᠢ ᠬᠥᠲᠥᠯᠥᠨ ᠵᠢᠯᠣᠭᠤᠳᠴᠣ᠂ ᠦᠵᠡᠯ ᠰᠠᠨᠠᠭ᠎ᠠ ᠨᠢ ᠰᠣᠯᠠᠷᠠᠬᠤ ᠦᠭᠡᠢ᠂ ᠬᠥᠮᠦᠨ ᠤ ᠰᠡᠳᠬᠢᠯ ᠨᠢ ᠰᠠᠷᠨᠢᠬᠤ ᠦᠭᠡᠢ᠂ ᠠᠵᠢᠯ ᠨᠢ ᠲᠠᠰᠤᠷᠠᠬᠤ ᠦᠭᠡᠢ᠂ ᠡᠷᠴᠢ ᠵᠣᠷᠢᠭ ᠨᠢ ᠪᠠᠭᠤᠷᠠᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠨᠠᠮ ᠪᠠ ᠠᠷᠠᠳ ᠲᠦᠮᠡᠨ ᠠᠴᠠ ᠳᠠᠭᠠᠭᠠᠯᠭᠠᠭᠰᠠᠨ ᠰᠢᠨ᠎ᠡ ᠡᠭᠦᠷᠭᠡ᠂ ᠰᠢᠨ᠎ᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠬᠦ ᠬᠡᠷᠡᠭᠲᠡᠢ ᠭᠡᠵᠡᠢ᠃      ᠵᠠᠩ ᠴᠢᠤᠸᠠᠨ ᠱᠧᠩ᠂ ᠵᠠᠩ ᠵᠢᠶᠠᠨ ᠴᠢᠩ ᠵᠢᠴᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠬᠠᠮᠲᠤ ᠪᠠᠷ ᠬᠤᠷᠢᠨᠭᠡᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠫᠠᠶᠢᠰᠠ ᠶᠢ ᠰᠡᠬᠦᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号