ᠵᠠᠩ ᠶᠦᠩ ᠸᠧᠨ᠄ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ ᠳᠠᠩᠰᠠᠯᠠᠬᠤ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠨᠠᠷᠢᠯᠢᠭ ᠣᠨᠣᠴᠠᠲᠠᠶ ᠪᠠᠷ ᠴᠢᠩᠭᠠᠳᠬᠠᠵᠤ  ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠶ
ᠨᠡᠶᠢᠲᠡᠯᠡᠭᠰᠡᠨ ᠴᠠᠭ᠄
2020-06-22
     6 ᠳ᠋ᠤᠭᠠᠷ ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠩᠭᠠᠳᠬᠠᠭᠰᠠᠨ ᠨᠢ᠂ ᠪᠦᠬᠦ ᠰᠢᠶᠠᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠣᠭᠤᠰᠢᠯᠠᠭᠤᠯᠣᠨ ᠨᠠᠶᠢᠳᠠᠪᠣᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠢᠮᠠᠭᠲᠠ ᠲᠡᠷᠢᠭᠦᠨ ᠳᠤ ᠲᠠᠯᠪᠢᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ ᠳᠠᠩᠰᠠᠯᠠᠬᠤ ᠪᠠ ᠪᠥᠭᠡᠮ ᠬᠦᠴᠢᠯ ᠢ ᠪᠠᠶᠢᠴᠠᠭᠠᠨ ᠬᠡᠮᠵᠢᠬᠦ ᠶᠢ ᠪᠦᠬᠦ ᠲᠠᠯ᠎ᠠ ᠪᠠᠷ ᠴᠢᠩᠭᠠᠳᠬᠠᠵᠤ᠂  ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠨ ᠨᠢᠮᠪᠠᠶ ᠨᠠᠶᠢᠳᠠᠪᠣᠷᠢᠵᠢᠭᠤᠯᠣᠨ᠂ ᠰᠡᠷᠭᠡᠶᠢᠯᠡᠨ ᠡᠵᠡᠮᠳᠡᠬᠦ ᠲᠣᠤᠷ ᠰᠦᠯᠵᠢᠶ᠎ᠡ ᠶᠢ ᠪᠠᠲᠤ ᠪᠠᠬᠢ ᠪᠠᠬᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠨᠠᠷᠢᠯᠢᠭ ᠣᠨᠣᠴᠠᠲᠠᠶ ᠪᠠᠷ ᠰᠠᠶᠢᠲᠤᠷ ᠠᠳᠬᠤᠬᠤ ᠬᠡᠷᠡᠭᠲᠡᠢ ᠭᠡᠪᠡ᠃      ᠵᠠᠩ ᠶᠦᠩ ᠸᠧᠨ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠡᠴᠦᠰ ᠤᠨ ᠢᠯᠠᠯᠲᠠ ᠣᠯᠤᠭᠰᠠᠨ ᠦᠭᠡᠢ ᠯᠡ ᠶᠤᠮ ᠪᠣᠯ ᠴᠠᠭ ᠢᠮᠠᠭᠲᠠ ︽ᠳᠠᠶᠢᠨ ᠤ ᠦᠶ᠎ᠡ︾ ᠶᠢᠨ ᠪᠠᠶᠢᠳᠠᠯ ᠢᠶᠠᠨ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠶ ᠴᠢᠨᠠᠷ᠂ ᠨᠠᠷᠢᠨ ᠪᠣᠳᠣᠯᠢᠶᠠᠨᠲᠠᠢ ᠴᠢᠨᠠᠷ ᠢ ᠭᠦᠨᠵᠡᠭᠡᠶ ᠲᠠᠨᠢᠵᠤ᠂ ᠮᠢᠨᠴᠦᠭᠦᠷᠡᠮᠡᠯ ᠦᠵᠡᠯ ᠰᠠᠨᠠᠭ᠎ᠠ᠂ ᠳᠠᠶᠢᠨ ᠠᠴᠠ ᠬᠠᠰᠢᠷᠠᠬᠤ ᠰᠡᠳᠬᠢᠯᠭᠡ ᠶᠢ ᠡᠷᠡᠰ ᠲᠡᠪᠴᠢᠵᠦ᠂ ᠠᠵᠠ ᠵᠠᠪᠰᠢᠶᠠᠨ ᠢ ᠬᠥᠭᠡᠭᠡᠴᠡᠯᠳᠦᠬᠦ ᠪᠣᠳᠣᠯ᠂ ᠰᠤᠯᠠᠳᠠᠨ ᠬᠤᠶᠢᠷᠭᠤᠰᠢᠬᠤ ᠰᠡᠳᠬᠢᠯᠭᠡ ᠶᠢ ᠡᠷᠡᠰ ᠲᠡᠪᠴᠢᠵᠦ᠂ ᠬᠡᠪᠰᠢᠭᠰᠡᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠬ᠎ᠠ ᠨᠠᠶᠢᠳᠠᠪᠣᠷᠢᠵᠢᠭᠤᠯᠵᠤ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠣᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠬᠤᠤᠰ ᠢᠯᠠᠯᠲᠠ︾ ᠶᠢ ᠴᠢᠷᠮᠠᠶᠢᠨ ᠲᠡᠮᠡᠴᠡᠨ ᠣᠯᠬᠤ ᠬᠡᠷᠡᠭᠲᠡᠢ ᠭᠡᠵᠡᠢ᠃      ᠵᠠᠩ ᠶᠦᠩ ᠸᠧᠨ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠤ᠂ ᠭᠠᠳᠠᠨ᠎ᠠ ᠪᠠᠨ ᠣᠷᠣᠵᠣ ᠢᠷᠡᠬᠦ ᠶᠢ ᠰᠡᠷᠭᠡᠶᠢᠯᠡᠬᠦ ᠶᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠠᠵᠢᠯ ᠤᠨ ᠬᠠᠨᠳᠤᠯᠭᠠᠲᠤ ᠴᠢᠨᠠᠷ᠂ ᠣᠨᠣᠪᠴᠢ ᠶᠢᠨ ᠬᠡᠮᠵᠢᠶ᠎ᠡ ᠪᠣᠯᠤᠨ ᠪᠦᠲᠦᠮᠵᠢᠲᠦ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠲᠠᠭᠤᠳᠠᠯ ᠢ ᠬᠢᠨᠠᠮᠠᠭᠠᠶ ᠪᠠᠶᠢᠴᠠᠭᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠣᠨᠣᠰᠢᠯᠠᠬᠤ᠂ ᠡᠷᠲᠡ ᠲᠤᠰᠠᠭᠠᠷᠯᠠᠬᠤ︾ ᠳᠥᠷᠪᠡᠨ ᠡᠷᠲᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ ᠪᠦᠭᠡᠮ ᠬᠦᠴᠢᠯ ᠢ ᠪᠠᠶᠢᠴᠠᠭᠠᠨ ᠬᠡᠮᠵᠢᠬᠦ ᠲᠣᠷᠰᠢᠯᠲᠠ ᠶᠢᠨ ᠲᠠᠰᠤᠭ ᠢ ᠰᠢᠯᠭᠠᠨ ᠠᠪᠬᠤ ᠠᠬᠢᠴᠠ ᠶᠢ ᠲᠦᠷᠭᠡᠳᠬᠡᠨ᠂ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠣᠨᠣᠪᠴᠢᠲᠠᠶ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠲᠠᠯᠠᠪᠤᠷ᠂ ᠵᠠᠩᠭᠢᠯᠠᠭ᠎ᠠ ᠶᠢᠨ ᠬᠦᠷᠢᠶᠡᠨ ᠤ ᠬᠠᠮᠢᠶᠠᠷᠤᠯᠲᠠ ᠡᠵᠡᠮᠰᠢᠯ ᠢ ᠳᠣᠪᠤᠶᠢᠯᠭᠠᠨ ᠰᠠᠶᠢᠲᠤᠷ ᠠᠳᠬᠤᠵᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠢ ᠴᠢᠩᠭ᠎ᠠ ᠰᠡᠷᠭᠡᠶᠢᠯᠡᠨ ᠬᠤᠷᠢᠭᠯᠠᠵᠤ᠂ ᠬᠥᠳᠡᠯᠦᠩᠭᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠦᠬᠦ ᠬᠦᠴᠦᠨ ᠢᠶᠠᠷ ᠥᠷᠨᠢᠭᠦᠯᠬᠦ ᠬᠡᠷᠡᠭᠲᠡᠢ᠃ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ ᠵᠢᠴᠢ ᠬᠤᠪᠢ ᠬᠥᠮᠦᠨ ᠤ ᠭᠡᠷ ᠪᠦᠯᠢ ᠶᠢᠨ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠰᠢᠶᠠᠨ ᠤ ᠡᠯ᠎ᠡ ᠲᠥᠷᠥᠯ ᠤᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠲᠤᠰᠬᠠᠶ ᠮᠡᠷᠭᠡᠵᠢᠯ ᠤᠨ ᠬᠥᠯᠳᠡᠭᠡᠨ ᠬᠠᠳᠠᠭᠠᠯᠠᠬᠤ ᠬᠥᠮᠥᠷᠭᠡ᠂ ᠢᠳᠡᠭᠡᠨ ᠤᠮᠳᠠᠭᠠᠨ ᠤ ᠨᠢᠭᠡᠴᠡ ᠶᠢᠨ ᠬᠤᠯᠪᠣᠭᠳᠠᠯ ᠪᠦᠬᠦᠢ ᠬᠥᠮᠦᠰ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠡ᠃ ᠬᠠᠮᠢᠶ᠎ᠠ ᠪᠦᠬᠦᠢ ᠠᠵᠢᠯ ᠢ ᠵᠢᠯᠣᠭᠤᠳᠬᠤ᠂ ᠱᠠᠭᠠᠷᠳᠠᠬᠤ ᠪᠠ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠭᠤᠤᠯᠳᠠᠯᠭ᠎ᠠ ᠲᠠᠢ ᠭᠠᠵᠠᠷ ᠲᠠᠯᠠᠪᠤᠷ ᠤᠨ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ ᠳᠠᠩᠰᠠᠯᠠᠬᠤ ᠵᠢᠴᠢ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠡᠳᠦᠷ ᠤᠨ ᠮᠡᠳᠡᠭᠦᠯᠬᠦ ᠲᠦᠷᠢᠮ ᠢ ᠰᠠᠶᠢᠲᠤᠷ ᠨᠠᠶᠢᠳᠠᠪᠣᠷᠢᠵᠢᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠭᠤᠤᠯᠳᠠᠯᠭ᠎ᠠ ᠲᠠᠢ ᠬᠥᠮᠦᠰ ᠤᠨ ︽ᠪᠠᠶᠢᠴᠠᠭᠠᠬᠤ ᠶᠣᠰᠣᠲᠠᠶ ᠶᠢ ᠨᠢ ᠪᠠᠶᠢᠴᠠᠭᠠᠬᠤ︾᠂ ᠪᠤᠰᠤᠳ ᠬᠥᠮᠦᠰ ᠤᠨ ︽ᠪᠠᠶᠢᠴᠠᠭᠠᠬᠤ ᠳᠤᠷᠠᠲᠠᠶ ᠪᠣᠯ ᠪᠠᠶᠢᠴᠠᠭᠠᠬᠤ︾ ᠶᠢ ᠦᠨᠡᠨᠬᠦ ᠪᠠᠲᠣᠯᠠᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠰᠢᠶᠠᠨ ᠤ ᠳᠡᠳ᠋ ᠳᠠᠷᠤᠭ᠎ᠠ ᠴᠢ ᠪᠠᠶ ᠰᠢᠶᠤᠤ᠂ ᠲᠤᠶᠠᠭ᠎ᠠ ᠬᠠᠮᠢᠶ᠎ᠠ ᠪᠥᠬᠦᠶ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号