ᠡᠨᠡ ᠰᠠᠷ᠎ᠠ ᠬᠦᠬᠡᠬᠤᠳᠠ ᠬᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠦᠨᠡᠮᠯᠡᠯ ᠢᠶᠠᠨ ᠭᠠᠷᠳᠠᠬᠤ ᠳᠤ ᠬᠦᠴᠢᠷ ᠲᠦᠷᠦᠯ ᠵᠦᠢᠯ ᠢ ᠪᠦᠬᠦᠨ ᠢ ᠰᠢᠢᠳᠪᠦᠷᠢᠯᠡᠬᠦ ᠪᠠᠷ ᠴᠢᠷᠮᠠᠶᠢᠵᠦ ᠪᠠᠶᠢᠨ᠎ᠠ
ᠨᠡᠶᠢᠲᠡᠯᠡᠭᠰᠡᠨ ᠴᠠᠭ᠄
2020-06-22
     ᠦᠪᠦᠷ ᠮᠤᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠲᠦᠷᠦᠬᠦᠬᠡᠨ ᠬᠦᠬᠡᠬᠤᠳᠠ ᠶᠢᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠬᠡᠨ ᠪᠠᠶᠢᠭᠤᠯᠤᠯᠳᠠ ᠶᠢᠨ ᠲᠣᠪᠴᠢᠶ᠎ᠠ ᠨᠢ ᠬᠠᠷᠢᠶᠠᠨ ᠳᠠᠬᠢ ᠬᠠᠮᠢᠶ᠎ᠠ ᠪᠦᠬᠦᠢ ᠰᠠᠯᠠᠭ᠎ᠠ ᠮᠦᠴᠢᠷ ᠢᠶᠠᠨ ᠵᠤᠬᠢᠶᠠᠨ ᠪᠠᠶᠢᠭᠤᠯᠵᠦ᠂ ᠬᠦᠬᠡᠬᠤᠳᠠ ᠶᠢᠨ ︽ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠢᠶᠠᠨ ᠭᠠᠷᠳᠠᠬᠤ ᠳᠤ ᠬᠦᠴᠢᠷ᠂ ᠲᠦᠪᠬᠢᠨᠡᠬᠦᠯᠦᠭᠰᠡᠨ ᠬᠡᠷ ᠪᠠᠶᠢᠰᠢᠩ ᠳᠠᠭᠠᠨ ᠤᠷᠤᠵᠦ ᠰᠠᠭᠤᠬᠤ ᠳᠤ ᠬᠦᠴᠢᠷ᠂ ᠬᠤᠳᠠᠯᠳᠤᠨ ᠠᠪᠤᠬᠰᠠᠨ ᠭᠡᠷ ᠪᠠᠶᠢᠰᠢᠩ ᠳᠠᠭᠠᠨ ᠤᠷᠤᠵᠦ ᠰᠠᠭᠤᠬᠤ ᠳᠤ ᠬᠦᠴᠢᠷ︾  ᠠᠰᠠᠭᠤᠳᠠᠯ ᠢ ᠰᠢᠢᠳᠪᠦᠷᠢᠯᠡᠬᠦ ᠵᠢᠴᠢ ᠪᠠᠷᠢᠯᠭ᠎ᠠ ᠶᠢᠨ ᠬᠦᠷᠢᠶ᠎ᠡ ᠴᠠᠷᠠᠭ᠎ᠠ ᠳᠠᠬᠢ ᠡᠮᠬᠢ ᠵᠢᠷᠤᠮ ᠦᠬᠡᠢ ᠦᠵᠡᠭᠳᠡᠯ ᠢ ᠴᠡᠭᠴᠡᠯᠡᠨ ᠵᠠᠰᠠᠬᠤ ᠠᠵᠢᠯ ᠢ ᠲᠠᠬᠢᠨᠳᠠ ᠪᠠᠶᠢᠷᠢᠯᠠᠭᠤᠯᠵᠦ᠂ ᠡᠨᠡ ᠰᠠᠷ᠎ᠠ ᠶᠢᠨ ᠰᠡᠬᠦᠯᠴᠢ ᠪᠣᠯᠳᠠᠯ᠎ᠠ ᠨᠢᠬᠡᠨᠳᠡ ᠲᠠᠩᠰᠠᠯᠠᠬᠰᠠᠨ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠢᠶᠠᠨ ᠭᠠᠷᠳᠠᠬᠤ ᠳᠤ ᠬᠦᠴᠢᠷ ᠲᠦᠷᠦᠯ ᠵᠦᠢᠯ ᠢ ᠪᠦᠬᠦᠨ ᠢ ᠰᠢᠢᠳᠪᠦᠷᠢᠯᠡᠬᠦ ᠶᠢ ᠱᠠᠭᠠᠷᠳᠠᠭᠰᠠᠨ ᠪᠠᠶᠢᠨ᠎ᠠ᠃      ᠬᠦᠬᠡᠬᠤᠲᠠ ᠶᠢᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠬᠡᠨ  ᠪᠠᠶᠢᠭᠤᠯᠤᠯᠲᠠ ᠶᠢᠨ ᠲᠤᠪᠴᠢᠶ᠎ᠠ ᠠᠴᠠ ᠡᠨᠡ ᠵᠢᠯ ᠤᠨ 6 ᠰᠠᠷ᠎ᠠ ᠶᠢᠨ ᠰᠡᠬᠦᠯᠴᠢ ᠪᠣᠯᠳᠠᠯ᠎ᠠ ᠨᠢᠬᠡᠨᠳᠡ ᠲᠠᠩᠰᠠᠯᠠᠬᠰᠠᠨ ᠬᠡᠷ ᠪᠠᠶᠢᠰᠢᠩ ᠤᠨ  ᠥᠮᠴᠢᠯᠡᠯ ᠤᠨ ᠡᠷᠬᠡ ᠶᠢᠨ ᠦᠨᠡᠮᠯᠡᠯ ᠢᠶᠠᠨ ᠭᠠᠷᠳᠠᠬᠤ ᠳᠤ ᠬᠦᠴᠢᠷ ᠲᠦᠷᠦᠯ ᠵᠦᠢᠯ ᠢ ᠪᠦᠷ ᠰᠢᠢᠳᠪᠦᠷᠢᠯᠡᠨ᠂ ᠦᠨᠡᠨ ᠬᠦ ᠰᠢᠢᠳᠪᠦᠷᠢᠯᠡᠬᠦ ᠶᠢᠨ ᠠᠷᠭ᠎ᠠ ᠦᠬᠡᠢ ᠶᠢ ᠨᠢ ᠰᠢᠯᠳᠠᠭᠠᠨ ᠢ ᠨᠢ ᠵᠠᠪᠠᠯ ᠲᠤᠳᠤᠷᠬᠠᠢᠢᠯᠠᠨ᠂  ᠵᠠᠭᠤᠨ ᠡᠳᠦᠷ ᠤᠨ ᠠᠵᠢᠯᠯᠠᠭᠠᠨ ᠤ ᠠᠵᠢᠯ ᠤᠨ ᠱᠠᠭᠠᠷᠳᠠᠯᠭ᠎ᠠ ᠶᠢ ᠴᠢᠨᠠᠬᠰᠢᠳᠠ ᠨᠠᠶᠢᠳᠠᠪᠤᠷᠢᠵᠢᠭᠤᠯᠤᠨ᠂ ᠬᠦᠬᠡᠬᠤᠳᠠ ᠶᠢᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠬᠡᠨ ᠪᠠᠶᠢᠭᠤᠯᠤᠯᠳᠠ ᠶᠢᠨ ᠲᠤᠪᠴᠢᠶ᠎ᠠ ᠶᠢᠨ ︽2020 ᠤᠨ ᠤ ᠪᠠᠷᠢᠯᠭ᠎ᠠ ᠶᠢᠨ ᠪᠦᠲᠦᠬᠡᠨ ᠪᠠᠶᠢᠭᠤᠯᠤᠯᠳᠠ ᠶᠢᠨ ᠬᠦᠷᠢᠶ᠎ᠡ ᠴᠠᠷᠠᠭ᠎ᠠ ᠳᠠᠬᠢ ᠡᠮᠬᠢ ᠵᠢᠷᠤᠮ ᠦᠬᠡᠢ ᠦᠵᠡᠭᠳᠡᠯ ᠢ ᠴᠡᠭᠴᠡᠯᠡᠨ ᠵᠠᠰᠠᠬᠤ ᠠᠵᠢᠯ ᠤᠨ ᠲᠦᠰᠦᠯ︾ ᠲᠠᠢ ᠤᠶᠠᠯᠳᠤᠭᠤᠯᠤᠨ᠂ ᠬᠠᠤᠯᠢ ᠬᠡᠷᠡᠭᠵᠢᠬᠦᠯᠦᠯᠳᠡ ᠶᠢᠨ ᠬᠦᠴᠦᠯᠡᠴᠡ  ᠪᠠᠨ ᠨᠡᠮᠡᠭᠳᠡᠬᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠪᠠᠷᠢᠯᠭ᠎ᠠ ᠶᠢᠨ ᠵᠠᠬ᠎ᠠ ᠲᠡᠯᠭᠡᠭᠦᠷ ᠤᠨ ᠡᠮᠬᠢ ᠵᠢᠷᠤᠮ ᠢ ᠴᠢᠨᠠᠭᠰᠢᠳᠠ ᠵᠢᠷᠤᠮᠵᠢᠭᠤᠯᠤᠨ᠂ ᠬᠠᠶᠢᠨ ᠪᠠᠶᠢᠴᠠᠭᠠᠵᠦ ᠵᠢᠷᠤᠵᠦ ᠲᠦᠯᠦᠪᠯᠡᠬᠦ᠂ ᠲᠠᠭᠠᠭᠠᠴᠢᠯᠠᠯᠳᠠ ᠵᠠᠷᠯᠠᠵᠦ ᠳᠠᠭᠠᠭᠠᠴᠢᠯᠠᠯᠲᠠ ᠬᠦᠯᠢᠶᠡᠬᠦ᠂ ᠬᠦᠯᠦᠰᠦᠨ ᠲᠠᠷᠢᠶᠠᠴᠢᠨ ᠤ ᠴᠠᠯᠢᠩ ᠬᠦᠯᠦᠰᠤ ᠵᠡᠷᠭᠡ ᠳᠤ ᠬᠤᠯᠪᠤᠬᠳᠠᠬᠰᠠᠨ ᠬᠠᠤᠯᠢ ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠲᠤᠬᠳᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠢᠢᠯᠠᠨ ᠲᠡᠭᠡᠭᠰᠢ ᠮᠡᠳᠡᠬᠦᠯᠬᠦ ᠶᠢ ᠱᠠᠭᠠᠷᠳᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号