2020 ᠣᠨ ᠤ ᠪᠥᠬᠦ ᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠸᠢᠳᠢᠣ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-22
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠰᠦᠨ ᠶᠤᠸᠠᠢ ᠯᠦᠩ︶  6 ᠳ᠋ᠤᠭᠠᠷ ᠰᠠᠷ᠎ᠠ ᠶᠢᠨ 20 ᠤ ᠡᠳᠦᠷ᠂ ᠮᠠᠨ ᠤ ᠬᠤᠲᠠ ᠪᠦᠬᠦ ᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠸᠢᠳᠢᠤ᠋ ᠬᠤᠷᠠᠯ ᠢ ᠬᠤᠷᠠᠯᠳᠤᠭᠤᠯᠵᠤ᠂ ᠶᠡᠭᠡ ᠲᠡᠭᠡᠳᠦ  ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠳᠠ᠂ ᠥᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠢᠯᠭᠠᠯᠲᠠ ᠶᠢᠨ ᠠᠮᠤᠷ ᠲᠦᠪᠰᠢᠨ ᠤ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠠᠢ᠃      ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠰᠤᠷᠤᠭᠴᠢ ᠡᠯᠰᠡᠬᠦ ᠵᠥᠪᠯᠡᠯ ᠤᠨ ᠡᠷᠬᠢᠯᠡᠭᠴᠢ ᠴᠢᠶᠣᠤ ᠶᠦᠨ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      2020 ᠣᠨ ᠳᠤ᠂ ᠮᠠᠨ ᠤ ᠬᠤᠲᠠ ᠠᠴᠠ ᠶᠡᠭᠡ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ  ᠰᠢᠯᠭᠠᠯᠳᠠ ᠳᠤ 26729 ᠬᠥᠮᠦᠨ ᠨᠡᠷ᠎ᠡ ᠮᠡᠳᠡᠭᠦᠯᠵᠦ᠂ ᠰᠢᠯᠭᠠᠯᠲᠠ ᠳᠤ ᠪᠣᠳᠠᠲᠠᠶ ᠤᠷᠤᠯᠴᠠᠬᠤ ᠬᠥᠮᠦᠨ ᠤ ᠲᠤᠭ᠎ᠠ ᠨᠢᠳᠤᠨᠤᠨ ᠤ ᠬᠢ ᠠᠴᠠ 519 ᠬᠥᠮᠦᠨ ᠨᠡᠮᠡᠭᠳᠡᠪᠡ᠃ ᠨᠡᠶᠢᠲᠡ 9 ᠰᠢᠯᠭᠠᠯᠲᠠ ᠶᠢᠨ ᠲᠣᠭᠤᠷᠢᠭ᠂ 22 ᠰᠢᠯᠭᠠᠯᠲᠠ ᠶᠢᠨ ᠴᠡᠭ᠂ 738 ᠰᠢᠯᠭᠠᠯᠲᠠ ᠶᠢᠨ ᠲᠠᠯᠠᠪᠠᠢ ᠭᠠᠷᠭᠠᠵᠠᠢ᠃ ᠪᠥᠬᠦ ᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ 28268 ᠬᠥᠮᠦᠨ ᠨᠡᠷ᠎ᠡ ᠮᠡᠳᠡᠭᠦᠯᠵᠦ᠂ ᠨᠢᠳᠤᠨᠤᠨ ᠤ ᠬᠢ ᠠᠴᠠ 5276 ᠬᠥᠮᠦᠨ ᠨᠡᠮᠡᠭᠳᠡᠵᠡᠶ᠃      ᠴᠢᠶᠣᠤ ᠶᠦᠨ ᠯᠢ ᠵᠢᠭᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠤᠯᠤᠰ ᠪᠣᠯᠤᠨ ᠪᠦᠬᠦ ᠣᠷᠣᠨ ᠤ ᠡᠩ ᠤᠨ ᠶᠡᠭᠡ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠲᠧᠯᠸᠢᠰ ᠤᠳᠠᠰᠤᠲᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠰᠤᠷᠤᠭᠴᠢ ᠡᠯᠰᠡᠬᠦ ᠰᠢᠯᠭᠠᠯᠳᠠ ᠶᠢᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠪᠠᠶᠢᠳᠠᠯ ᠢ ᠭᠦᠨᠵᠡᠭᠡᠢ ᠵᠠᠳᠠᠯᠤᠨ ᠰᠤᠳᠤᠯᠵᠤ ᠮᠠᠭᠠᠳᠯᠠᠨ᠂ ᠰᠣᠷᠣᠭᠴᠢ ᠡᠯᠰᠡᠬᠦ ᠰᠢᠯᠭᠠᠯᠲᠠ ᠶᠢᠨ ᠬᠦᠨᠳᠦ ᠶᠡᠭᠡ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠳᠡᠢ᠃ ᠨᠢᠭᠡ ᠳᠤ᠂ ᠡᠨᠡ ᠵᠢᠯ ᠤᠨ ᠶᠡᠭᠡ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠳᠠ᠂ ᠥᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠳᠠ ᠶᠢᠨ ᠠᠵᠢᠯ ᠤᠨ ᠬᠠᠲᠠᠭᠤ ᠪᠡᠷᠭᠡ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠬᠦᠨᠵᠡᠭᠡᠢ ᠲᠠᠨᠢᠵᠤ᠂ ᠰᠢᠯᠭᠠᠨ ᠡᠯᠰᠡᠬᠦ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠷᠢᠳᠴᠢᠯᠠᠨ ᠪᠡᠯᠡᠳᠬᠡᠯ ᠬᠢᠵᠦ ᠬᠠᠨᠳᠤᠯᠭᠠᠲᠤ ᠴᠢᠨᠠᠷᠲᠠᠶ ᠲᠥᠰᠦᠯ ᠲᠤᠭᠲᠠᠭᠠᠨ᠂ ᠠᠯᠢᠪᠠ ᠠᠵᠢᠯ ᠳᠤ  ᠲᠤᠶᠢᠯ ᠤᠨ ᠪᠣᠯᠭᠤᠮᠵᠢᠲᠠᠶ᠂ ᠨᠠᠷᠢᠯᠢᠭ ᠠᠴᠠ ᠨᠠᠷᠢᠯᠢᠭ ᠪᠠᠶᠢᠵᠤ᠂ ᠬᠡᠪᠰᠢᠭᠰᠡᠨ ᠮᠠᠶ᠋ᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠢᠯᠭᠠᠨ ᠡᠯᠰᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠳᠤᠷ ᠠᠳᠬᠤᠬᠤ ᠬᠡᠷᠡᠭᠲᠡᠶ︔ ᠬᠤᠶᠠᠷ ᠲᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠰᠤᠷᠤᠭᠴᠢ ᠡᠯᠰᠡᠬᠦ ᠰᠢᠯᠭᠠᠯᠳᠠ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠤ᠂ ᠰᠤᠷᠤᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠰᠢᠯᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠰᠢᠯᠭᠠᠯᠲᠠ ᠶᠢᠨ ᠲᠠᠯᠠᠪᠠᠶ ᠶᠢᠨ ᠡᠮᠬᠢ ᠳᠢᠭᠯᠢᠮ ᠢ ᠬᠠᠮᠠᠭᠠᠯᠠᠵᠤ᠂ ᠰᠢᠯᠭᠠᠭᠤᠯᠤᠭᠰᠠᠳ ᠲᠤ ᠦᠢᠯᠡᠴᠢᠯᠡᠬᠦ ᠪᠠᠨ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠦᠨᠡᠨᠴᠢ ᠢᠲᠡᠭᠡᠮᠵᠢᠲᠡᠶ ᠪᠠᠷ ᠨᠡᠷ᠎ᠡ ᠮᠡᠳᠡᠬᠦᠯᠦᠨ ᠰᠢᠯᠭᠠᠭᠤᠯᠬᠤ ᠶᠢ ᠠᠬᠢᠭᠤᠯᠬᠤ ᠬᠡᠷᠡᠭᠳᠡᠢ︔ ᠭᠤᠷᠪᠠ ᠳᠤ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠤᠳᠠᠳᠠᠶᠢᠵᠢᠭᠤᠯᠬᠤ ᠶᠢ ᠦᠨᠡᠨᠬᠦ ᠪᠠᠲᠤᠯᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠢᠮᠳᠠᠭᠤᠯᠤᠨ ᠪᠠᠶᠢᠴᠠᠭᠠᠬᠤ ᠶᠢ ᠴᠢᠩᠳᠠᠯᠠᠬᠤ ᠬᠡᠷᠡᠭᠲᠡᠶ ᠭᠡᠵᠡᠢ᠃      ᠬᠤᠲᠠ᠂ ᠡᠯ᠎ᠡ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠰᠤᠷᠤᠭᠴᠢ ᠡᠯᠰᠡᠬᠦ ᠰᠢᠯᠭᠠᠯᠳᠠ ᠶᠢᠨ ᠵᠥᠪᠯᠡᠯ ᠵᠢᠴᠢ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠢᠯᠭᠠᠯᠲᠠ ᠶᠢᠨ ᠴᠡᠭ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号