ᠵᠠᠩ ᠪᠠᠢ ᠴᠧᠩ ᠵᠠᠮ ᠢ ᠰᠠᠶᠢᠵᠢᠷᠠᠭᠤᠯᠤᠨ ᠦᠭᠡᠷᠡᠴᠢᠯᠡᠬᠦ ᠪᠠ ᠰᠥᠨᠢ ᠶᠢᠨ ᠠᠵᠤ ᠠᠬᠤᠶ ᠶᠢᠨ ᠠᠵᠢᠯ  ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠵᠠᠮ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠦᠳᠦᠮᠵᠢᠲᠡᠢ ᠳᠥᠯᠭᠢᠨ ᠠᠬᠢᠭᠤᠯᠵᠤ ᠰᠥᠨᠢ ᠶᠢᠨ ᠬᠡᠷᠡᠭᠯᠡᠭᠡᠨ ᠤ ᠳᠠᠯᠳᠠ ᠬᠦᠴᠦᠨ ᠢ ᠬᠦᠢᠴᠡᠳ ᠪᠠᠳᠠᠷᠠᠭᠤᠯᠵᠤ ᠲᠥᠪ ᠬᠤᠲᠠ ᠶᠢᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠲᠡᠭᠡᠭᠰᠢᠯᠡᠬᠦᠯᠬᠦ ᠬᠡᠷᠡᠭᠲᠡᠶ
ᠨᠡᠶᠢᠲᠡᠯᠡᠭᠰᠡᠨ ᠴᠠᠭ᠄
2020-06-22
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠠᠬᠠᠯᠠᠭᠴᠢ ᠰᠤᠷᠪᠤᠯᠵᠢᠯᠠᠭᠴᠢ ᠯᠢ ᠬᠠᠢ  ᠵᠧᠨ︶ 6 ᠳ᠋ᠤᠭᠠᠷ ᠰᠠᠷ᠎ᠠ ᠶᠢᠨ 19 ᠤ ᠣᠷᠣᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ  ᠪᠠᠢ ᠴᠧᠩ ᠵᠠᠮ ᠢ ᠰᠠᠶᠢᠵᠢᠷᠠᠭᠤᠯᠤᠨ ᠥᠭᠡᠷᠡᠴᠢᠯᠡᠬᠦ ᠪᠠ ᠰᠥᠨᠢ ᠶᠢᠨ ᠠᠵᠤ ᠠᠬᠤᠢ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠵᠠᠮ ᠢ ᠰᠠᠶᠢᠵᠢᠷᠠᠭᠤᠯᠤᠨ ᠥᠭᠡᠷᠡᠴᠢᠯᠡᠬᠦ ᠢᠨᠵᠧᠨᠧᠷᠢᠩ ᠢ ᠥᠨᠳᠥᠷ ᠪᠦᠲᠦᠮᠵᠢᠲᠡᠢ ᠠᠬᠢᠭᠤᠯᠵᠤ᠂ ᠰᠥᠨᠢ ᠶᠢᠨ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠲᠥᠪ ᠬᠤᠲᠠ ᠶᠢᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ  ᠵᠢᠷᠭᠠᠯᠳᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠬᠦᠯᠬᠦ ᠬᠡᠷᠡᠭᠳᠡᠢ ᠭᠡᠵᠡᠢ᠃      ᠵᠠᠩ ᠪᠠᠢ ᠴᠧᠩ ᠤᠷᠢᠳ ᠬᠤᠵᠢᠳ ᠭᠤᠷᠪᠠᠳᠤᠭᠠᠷ ᠲᠤᠭᠤᠷᠢᠯ ᠵᠠᠮ ︵ᠰᠠᠶᠢᠬᠠᠨ ᠲᠣᠭᠤᠷᠢᠭ︶ ᠤᠨ  ᠭᠤᠷᠪᠠᠳᠤᠭᠠᠷ ᠬᠡᠰᠡᠭ᠂ ᠬᠠᠢ ᠳ᠋ᠦᠩ ᠵᠠᠮ  — ᠬᠠᠶ ᠰᠢ ᠵᠠᠮ — ᠶᠢᠨ ᠬᠠᠶ ᠵᠠᠮ ᠪᠣᠯᠤᠨ ᠪᠠᠶᠠᠨ ᠵᠠᠮ ᠳᠤ ᠬᠦᠷᠴᠦ ᠂ ᠵᠠᠮ ᠳᠠᠭᠠᠤ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠵᠦ᠂ ᠵᠠᠮ ᠢ ᠰᠠᠶᠢᠵᠢᠷᠠᠭᠤᠯᠤᠨ ᠥᠭᠡᠷᠡᠴᠢᠯᠡᠵᠦ ᠰᠡᠷᠭᠦᠭᠡᠵᠦ ᠪᠠᠶᠢᠭ᠎ᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃      ᠵᠠᠩ ᠪᠠᠢ ᠴᠧᠩ ᠴᠢᠬᠤᠯᠠᠴᠢᠯᠠᠭᠰᠠᠨ ᠨᠢ᠂ ᠶᠢᠨ ᠬᠠᠶ ᠵᠠᠮ ᠵᠡᠷᠭᠡ ᠭᠤᠤᠯᠳᠠᠯᠭ᠎ᠠ ᠲᠠᠢ ᠵᠠᠮ ᠱᠤᠭᠤᠮ ᠢ ᠰᠠᠶᠢᠵᠢᠷᠠᠭᠤᠯᠤᠨ ᠥᠭᠡᠷᠡᠴᠢᠯᠡᠬᠦ ᠢᠨᠵᠧᠨᠧᠷᠢᠩ ᠪᠣᠯ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ᠂ ᠵᠠᠮ ᠬᠠᠷᠢᠯᠴᠠᠭᠠᠨ ᠤ ᠳᠠᠷᠤᠯᠲᠠ ᠶᠢ ᠨᠠᠮᠳᠠᠭᠤᠯᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠮᠦᠨᠴᠦ ᠬᠤᠲᠠ ᠶᠢᠨ ᠶᠡᠷᠦᠩᠬᠡᠢ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠠᠲᠤᠯᠠᠭ᠎ᠠ ᠶᠢᠨ ᠢᠨᠵᠧᠨᠧᠷᠢᠩ ᠮᠥᠨ᠃ ᠡᠯ᠎ᠡ ᠭᠠᠵᠠᠷ ᠣᠷᠣᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ᠂ ᠠᠷᠠᠳ ᠤᠨ ᠲᠥᠯᠥᠭᠡ ᠵᠢᠳᠬᠦᠬᠦ ᠤᠬᠠᠮᠰᠠᠷ᠂ ᠦᠢᠯᠡᠴᠢᠯᠡᠬᠦ ᠤᠬᠠᠮᠰᠠᠷ ᠢ ᠪᠠᠲᠤ ᠪᠤᠢ ᠪᠣᠯᠭᠠᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠳᠥᠲᠡ ᠰᠠᠭᠠᠳ ᠦᠭᠡᠢ ᠪᠣᠯᠭᠠᠬᠤ ᠠᠴᠠ ᠡᠭᠦᠰᠴᠦ᠂ ᠵᠠᠮ ᠱᠤᠭᠤᠮ ᠢ ᠰᠡᠷᠭᠦᠭᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠰᠠᠭᠠᠳ ᠦᠭᠡᠢ ᠪᠥᠭᠡᠳ ᠳᠥᠭᠦᠮ ᠳᠥᠲᠡ ᠵᠠᠮ ᠤᠨ  ᠰᠦᠯᠵᠢᠶ᠎ᠡ ᠶᠢᠨ ᠰᠢᠰᠲ᠋ᠧᠮᠵᠢ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠳᠡᠢ᠃ ᠢᠳᠡᠪᠬᠢᠲᠡᠢ ᠰᠠᠨᠠᠭᠠᠴᠢᠯᠠᠭ᠎ᠠ ᠲᠠᠢ ᠠᠵᠢᠯᠯᠠᠵᠤ᠂ ᠶᠠᠰᠤ ᠴᠢᠨᠠᠷ᠂ ᠠᠮᠤᠷ ᠲᠦᠪᠰᠢᠨ᠂ ᠠᠬᠢᠴᠠ ᠶᠢ ᠴᠢᠩᠭ᠎ᠠ ᠠᠩᠬᠠᠷᠴᠤ᠂ ᠵᠠᠮ ᠤᠨ ᠡᠯ᠎ᠡ  ᠵᠦᠢᠯ ᠤᠨ ᠰᠡᠭᠦᠯ ᠬᠤᠷᠢᠶᠠᠬᠤ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠢᠨᠵᠧᠨᠧᠷᠢᠩ ᠤᠨ ᠴᠠᠭ ᠲᠠᠭᠠᠨ ᠠᠵᠢᠯ ᠳᠠᠭᠤᠰᠴᠤ ᠲᠡᠷᠭᠡ ᠨᠡᠪᠲᠡᠷᠡᠬᠦ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠶᠠᠪᠤᠵᠤ ᠰᠠᠭᠤᠬᠤ ᠱᠠᠭᠠᠷᠳᠠᠯᠭ᠎ᠠ ᠶᠢ ᠬᠠᠩᠭᠠᠵᠤ᠂ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠶ  ᠬᠦᠭᠵᠢᠯᠲᠡ ᠳᠤ ᠪᠠᠲᠤᠯᠠᠭ᠎ᠠ ᠪᠠ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠡᠢ᠃      ᠦᠳᠡᠰᠢ ᠶᠢᠨ ᠪᠦᠷᠦᠶ ᠳᠠᠬᠢ ᠬᠥᠬᠡ ᠬᠤᠲᠠ ᠳᠤ ᠦᠩᠭᠡ ᠶᠢᠨ ᠳ᠋ᠧᠩ ᠲᠤᠸᠠᠯᠠᠨ᠎ᠠ᠃ ᠶᠡᠭᠡ ᠵᠤᠤ ᠠᠭᠤᠳᠠᠮ ᠲᠠᠯᠠᠪᠠᠢ ᠳᠤ ᠬᠥᠷ ᠨᠠᠷᠭᠢᠶᠠᠨ ᠢᠶᠠᠷ ᠪᠢᠯᠬᠠᠵᠤ᠂ ᠠᠮᠢᠳᠤᠷᠠᠯ ᠤᠨ ᠬᠥᠭ ᠠᠮᠢᠰᠬᠤᠯ ᠪᠢᠯᠬᠠᠭᠰᠠᠨ ᠲᠦᠩ ᠱᠦᠨ  ᠶᠡᠭᠡ ᠭᠤᠳᠤᠮᠵᠢ ᠪᠠᠷ ᠬᠥᠮᠦᠰ ᠨᠠᠰᠢ ᠴᠠᠰᠢ ᠵᠣᠷᠴᠢᠵᠤ᠂ ᠰᠥᠨᠢ ᠶᠢᠨ ᠠᠵᠤ ᠠᠬᠤᠶ ᠨᠢ ᠶᠡᠭᠡ ᠵᠣᠣ ᠶᠢᠨ ᠣᠷᠣᠨ ᠤ ᠠᠮᠢᠵᠢᠷᠠᠯ ᠤᠨ ᠬᠦᠴᠦᠨ ᠢ ᠪᠠᠳᠠᠷᠠᠭᠠᠵᠠᠢ᠃ ᠵᠠᠩ ᠪᠠᠢ ᠴᠧᠩ᠂ ᠶᠡᠭᠡ ᠵᠣᠣ ᠶᠢᠨ ᠡᠮᠦᠨ᠎ᠡ ᠵᠡᠭᠡᠯᠢ᠂ ᠶᠠᠪᠠᠭᠠᠨ ᠵᠡᠭᠡᠯᠢ᠂ ᠲᠦᠩ ᠱᠦᠨ ᠶᠡᠭᠡ ᠭᠤᠳᠤᠮᠵᠢ ᠪᠠᠷ ᠶᠠᠪᠤᠵᠤ᠂ ᠬᠠᠶᠠ ᠬᠤᠳᠠᠯᠳᠤᠭᠠᠴᠢᠳ ᠲᠠᠢ ᠡᠵᠡᠩᠨᠡᠯᠲᠡ ᠶᠢᠨ ᠪᠠᠶᠢᠳᠠᠯ᠂ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠶᠠᠷᠢᠯᠴᠠᠵᠤ᠂ ᠬᠤᠯᠪᠤᠭᠳᠠᠯ ᠪᠦᠬᠦᠢ ᠬᠠᠷᠢᠭᠤᠴᠠᠯᠭᠠᠲᠠᠨ ᠠᠴᠠ ᠰᠥᠨᠢ ᠶᠢᠨ ᠠᠵᠤ ᠠᠬᠤᠶ ᠶᠢᠨ ᠶᠡᠷᠦᠩᠬᠡᠢ ᠬᠦᠭᠵᠢᠯᠲᠡ ᠶᠢᠨ ᠪᠠᠶᠢᠳᠠᠯ ᠵᠡᠷᠭᠡ ᠶᠢ ᠣᠶᠢᠯᠠᠭᠠᠪᠠ᠃      ᠵᠠᠩ ᠪᠠᠢ ᠴᠧᠩ ᠵᠢᠭᠠᠬᠤ ᠳᠠᠭᠠᠨ᠂ ᠰᠥᠨᠢ ᠶᠢᠨ ᠠᠵᠤ ᠠᠬᠤᠶ ᠶᠢ ᠬᠥᠭᠵᠢᠭᠦᠯᠬᠦ ᠪᠣᠯ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠤᠢᠭᠡᠢ ᠬᠠᠩᠭᠠᠵᠤ᠂ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠬᠦᠭᠵᠢᠭᠡᠵᠦ᠂ ᠠᠵᠤ ᠠᠬᠤᠶ ᠶᠢᠨ ᠨᠡᠮᠡᠭᠳᠡᠯ ᠢ ᠠᠬᠢᠭᠤᠯᠬᠤ ᠪᠦᠲᠦᠮᠵᠢᠲᠡᠶ ᠠᠷᠭ᠎ᠠ ᠵᠠᠮ ᠪᠣᠯᠤᠨ᠎ᠠ᠃ ᠡᠯ᠎ᠡ ᠭᠠᠵᠠᠷ ᠤᠷᠤᠨ ᠡᠯ᠎ᠡ ᠬᠤᠯᠪᠤᠭᠳᠠᠯ ᠰᠠᠯᠠᠭ᠎ᠠ ᠮᠦᠴᠢᠷ ᠤᠨ ᠬᠢᠨ ᠰᠦᠨᠢ‌‍ᠶᠢᠨ ᠠᠵᠤ ᠠᠬᠤᠢ ᠶᠢ ᠬᠦᠭᠵᠢᠬᠦᠯᠬᠦ ᠪᠦᠳᠦᠮᠵᠢᠳᠡᠢ ᠠᠷᠭ᠎ᠠ ᠵᠠᠮ ᠢ ᠬᠦᠨᠵᠡᠭᠡᠢ ᠰᠤᠳᠤᠯᠵᠤ᠂ ᠣᠯᠠᠨ ᠲᠦᠮᠡᠨ ᠤ ᠣᠯᠠᠨ ᠡᠰᠢᠵᠢᠭᠰᠡᠨ᠂ ᠳᠥᠭᠦᠮ ᠳᠥᠲᠡ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠬᠤ ᠬᠡᠷᠡᠭᠳᠡᠢ᠃ ᠲᠥᠪ ᠬᠤᠲᠠ ᠶᠢᠨ ᠲᠡᠦᠬᠡ ᠰᠣᠶᠣᠯ ᠤᠨ ᠬᠤᠷᠠᠮᠳᠤᠯ ᠢ ᠭᠦᠢᠴᠡᠳ ᠠᠭᠤᠳᠠᠯᠵᠤ᠂ ᠲᠥᠪ ᠬᠤᠲᠠ ᠶᠢᠨ ᠣᠨᠴᠠᠯᠢᠭ ᠲᠠᠢ ᠰᠥᠨᠢ ᠶᠢᠨ ᠠᠵᠤ ᠠᠬᠤᠶ ᠶᠢᠨ ᠲᠦᠷᠦᠯ ᠲᠡᠮᠳᠡᠭᠳᠦ ᠶᠢ ᠴᠢᠷᠮᠠᠶᠢᠨ ᠴᠤᠭᠴᠠᠯᠠᠵᠤ᠂ ᠰᠥᠨᠢ ᠶᠢᠨ ᠠᠵᠤ ᠠᠬᠤᠶ ᠶᠢᠨ ᠬᠠᠩᠭᠠᠯᠭ᠎ᠠ ᠶᠢ ᠪᠠᠶᠠᠯᠢᠭᠵᠢᠭᠤᠯᠤᠨ᠂ ᠠᠮᠢᠵᠢᠷᠠᠯ ᠤᠨ ᠬᠦᠴᠦᠨ ᠲᠡᠭᠦᠯᠳᠡᠷ᠂ ᠡᠮᠬᠢ ᠳᠢᠭᠯᠢᠮ ᠲᠠᠢ ᠰᠥᠨᠢ ᠶᠢᠨ ᠠᠵᠤ ᠠᠬᠤᠢ ᠶᠢᠨ ᠬᠥᠭᠵᠢᠯᠲᠡ ᠶᠢᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠳᠡᠢ᠃ ᠬᠡᠪᠰᠢᠭᠰᠡᠨ ᠮᠠᠶ᠋ᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠢ ᠤᠶᠠᠯᠳᠤᠭᠤᠯᠤᠨ᠂ ᠡᠷᠡᠭᠦᠯ ᠬᠠᠮᠠᠭᠠᠯᠠᠯ ᠤᠨ ᠴᠡᠭᠴᠡᠯᠡᠯᠲᠡ᠂ ᠡᠮᠬᠢ ᠳᠢᠭᠯᠢᠮ ᠤᠨ ᠬᠠᠮᠢᠶᠠᠷᠤᠯᠲᠠ᠂ ᠵᠠᠮ ᠬᠠᠷᠢᠯᠴᠠᠭᠠᠨ ᠤ ᠪᠠᠳᠤᠯᠠᠭ᠎ᠠ ᠵᠡᠷᠭᠡ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ  ᠴᠢᠩᠭ᠎ᠠ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠤᠰ ᠢᠯᠠᠯᠲᠠ ᠶᠢ ᠴᠢᠷᠮᠠᠶᠢᠨ ᠲᠡᠮᠡᠴᠡᠨ ᠣᠯᠬᠤ ᠬᠡᠷᠡᠭᠳᠡᠢ ᠭᠡᠵᠡᠢ᠃      ᠬᠤᠲᠠ ᠶᠢᠨ ᠤᠳᠤᠷᠢᠳᠤᠯᠭ᠎ᠠ ᠵᠠᠩ ᠶᠢᠨ ᠫᠢᠩ᠂ ᠯᠢᠦ ᠴᠧᠩ ᠮᠢᠨ᠂ ᠸᠠᠩ ᠬᠤᠤ ᠯᠸᠢ᠂ ᠵᠧᠤ ᠴᠢᠶᠠᠩ᠂ ᠴᠢᠶᠣᠤ ᠶᠦᠨ ᠯᠢ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠯᠢ ᠰᠢᠶᠤᠤ ᠳ᠋ᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号