ᠸᠠᠩ ᠯᠢ ᠰᠢᠶᠠ ᠶᠡᠭᠡ ᠲᠦᠷᠭᠡᠨ ᠭᠤᠣᠯ ᠤᠨ ᠤᠰᠤᠨ ᠤ ᠪᠣᠬᠢᠷᠲᠤᠯ ᠢ ᠵᠠᠰᠠᠬᠤ ᠵᠢᠴᠢ ᠬᠤᠲᠠ ᠶᠢᠨ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠬᠤᠲᠠ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ ᠬᠤᠲᠠ ᠶᠢᠨ ᠴᠢᠨᠠᠷ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠳᠡᠢ
ᠨᠡᠶᠢᠲᠡᠯᠡᠭᠰᠡᠨ ᠴᠠᠭ᠄
2020-06-22
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶ 6 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠶᠡᠭᠡ ᠲᠥᠷᠭᠡᠨ ᠭᠤᠣᠯ ᠤᠨ ᠤᠰᠤᠨ ᠤ ᠪᠣᠬᠢᠷᠲᠤᠯ ᠢ ᠵᠠᠰᠠᠬᠤ ᠵᠢᠴᠢ ᠬᠤᠲᠠ ᠶᠢᠨ ᠨᠤᠭᠤᠭᠠᠷᠠᠭᠤᠯᠤᠯᠲᠠ  ᠭᠤᠶᠤᠵᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠬᠥᠮᠦᠨ ᠢᠶᠠᠷ ᠦᠨᠳᠦᠰᠦ ᠪᠣᠯᠭᠠᠬᠤ ᠶᠢ ᠢᠮᠠᠭᠲᠠ  ᠪᠠᠷᠢᠮᠳᠠᠯᠠᠵᠤ᠂ ᠬᠤᠲᠠ ᠶᠢᠨ ᠨᠠᠷᠢᠯᠢᠭᠵᠢᠭᠤᠯᠤᠭᠰᠠᠨ ᠵᠠᠰᠠᠯᠲᠠ ᠶᠢ ᠴᠢᠩᠭ᠎ᠠ ᠠᠳᠬᠤᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠵᠤ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ᠂ ᠥᠨᠳᠥᠷ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠵᠤ᠂ ᠬᠤᠲᠠ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠲᠥᠪ ᠬᠤᠲᠠ ᠶᠢᠨ ᠴᠢᠨᠠᠷ ᠳᠡᠰ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠬᠡᠷᠡᠭᠳᠡᠢ ᠭᠡᠵᠡᠢ᠃      ᠬᠤᠷᠴᠢᠨ‌ᠬᠤᠷᠳᠤᠨ ᠤ ᠵᠠᠮ ᠢᠶᠠᠷ ᠡᠮᠦᠨᠡᠰᠢ ᠶᠠᠪᠤᠵᠤ᠂  ᠵᠠᠮ ᠳᠠᠭᠠᠤ ᠶᠢᠨ ᠨᠤᠭᠤᠭᠠᠷᠠᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠸᠠᠩ ᠯᠢ ᠰᠢᠶᠠ ᠵᠢᠭᠠᠬᠤ ᠳᠠᠭᠠᠨ᠂ ᠥᠨᠳᠥᠷ ᠪᠠᠷᠢᠮᠵᠢᠶ᠎ᠠ ᠪᠠᠷ ᠵᠢᠷᠤᠭᠯᠠᠨ ᠲᠥᠯᠥᠪᠯᠡᠬᠦ ᠶᠢ ᠪᠠᠷᠢᠮᠲᠠᠯᠠᠵᠤ᠂ ᠵᠡᠭᠡᠯᠢ ᠭᠤᠳᠤᠮᠵᠢ ᠨᠢᠭᠡᠪᠦᠷᠢ ᠶᠢᠨ ᠨᠣᠭᠤᠭᠠᠷᠠᠭᠤᠯᠵᠤ ᠭᠤᠶᠤᠵᠢᠭᠤᠯᠬᠤ ᠠᠵᠢᠯ ᠢ ᠨᠠᠷᠢᠨ ᠨᠢᠮᠪᠠᠶ ᠰᠠᠶᠢᠲᠤᠷ ᠠᠳᠬᠤᠵᠤ᠂ ᠦᠵᠡᠰᠭᠦᠯᠡᠩᠳᠦ ᠰᠠᠶᠢᠬᠠᠨ ᠠᠭᠤᠯᠠ ᠤᠰᠤ ᠭᠤᠶᠤ ᠦᠵᠡᠮᠵᠢ ᠶᠢ ᠬᠤᠲᠠ ᠶᠢᠨ ᠪᠦᠲᠦᠭᠡᠨ ᠪᠠᠶᠢᠭᠤᠯᠤᠯᠲᠠ ᠳᠤ ᠠᠭᠤᠰᠬᠠᠬᠤ ᠬᠡᠷᠡᠭᠳᠡᠢ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠪᠠᠶᠢᠭᠠᠯᠢ ᠶᠢᠨ ᠭᠤᠸ᠎ᠠ ᠰᠠᠶᠢᠬᠠᠨ ᠢ ᠳᠣᠪᠤᠶᠢᠯᠭᠠᠵᠤ᠂ ᠶᠡᠭᠡ ᠲᠦᠷᠭᠡᠨ ᠭᠤᠤᠯ ᠤᠨ ᠡᠷᠭᠢ ᠳᠠᠭᠠᠤ ᠶᠢᠨ ᠨᠣᠭᠤᠭᠠᠷᠠᠭᠤᠯᠵᠤ ᠭᠤᠶᠤᠵᠢᠭᠤᠯᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠶᠡᠭᠡ ᠲᠦᠷᠭᠡᠨ ᠭᠤᠤᠯ ᠤᠨ ᠡᠷᠭᠢ ᠳᠠᠭᠠᠤ ᠤᠷᠤᠨ ᠢ ᠬᠤᠲᠠ ᠶᠢᠨ ᠠᠷᠠᠳ ᠤᠨ ᠰᠡᠯᠡᠭᠦᠴᠡᠯ ᠠᠮᠠᠷᠠᠯᠲᠠ ᠶᠢᠨ ᠰᠠᠶᠢᠨ ᠭᠠᠵᠠᠷ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠳᠡᠢ ᠭᠡᠵᠡᠢ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠲᠠ ᠶᠢ ᠨᠠᠷᠢᠯᠢᠭᠵᠢᠭᠤᠯᠤᠨ ᠵᠠᠰᠠᠬᠤ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ︽ᠬᠤᠲᠠ ᠶᠢᠨ ᠦᠬᠡᠷ ᠢᠯᠢᠳᠦ ︾ ᠶᠢ ᠴᠡᠭᠴᠡᠯᠡᠨ ᠵᠠᠰᠠᠬᠤ᠂ ᠬᠤᠭ ᠨᠣᠪᠰᠢ ᠶᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠵᠡᠭᠡᠯᠢ ᠭᠤᠳᠤᠮᠵᠢ ᠶᠢ ᠭᠤᠶᠤᠵᠢᠭᠤᠯᠵᠤ ᠬᠡᠷᠡᠯᠳᠦᠬᠦᠯᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠥᠪ ᠬᠤᠲᠠ ᠶᠢ ᠲᠠᠯ᠎ᠠ ᠨᠤᠲᠤᠭ ᠤᠨ ᠦᠵᠡᠰᠬᠦᠯᠡᠩᠲᠦ ᠬᠤᠲᠠ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠳᠡᠢ ᠭᠡᠵᠡᠢ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠡᠤ ᠸᠧᠨ ᠮᠢᠩ᠂ ᠵᠧᠤ ᠴᠢᠶᠠᠩ ᠵᠢᠴᠢ ᠬᠤᠯᠪᠤᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ  ᠤᠷᠤᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号