ᠠᠯᠤᠰ ᠵᠠᠢ ᠶᠢᠨ ᠡᠮᠴᠢᠯᠡᠭᠡᠨ ᠤ ᠦᠢᠯᠡᠴᠢᠯᠡᠭᠡᠨ ᠤ ᠡᠬᠢ ᠪᠠᠶᠠᠯᠢᠭ ᠢ ᠭᠦᠢᠴᠡᠳ ᠪᠠᠳᠠᠷᠠᠭᠤᠯᠵᠤ᠂ ᠣᠯᠠᠨ | ᠲᠦᠮᠡᠨ ᠤ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠬᠦ ᠳᠤ ᠳᠥᠭᠦᠮ ᠦᠵᠡᠭᠦᠯᠬᠦ ᠶᠢᠨ ᠲᠥᠯᠥᠭᠡ᠂ 6 ᠳ᠋ᠤᠭᠠᠷ | ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠪᠡᠳᠴᠢᠨᠤ ᠵᠦᠶ ᠶᠢ ᠠᠯᠤᠰ ᠠᠴᠠ | ᠤᠨᠤᠰᠢᠯᠠᠬᠤ ᠰᠢᠰᠲ᠋ᠧᠮ ᠵᠢᠩᠬᠢᠨᠢ ᠪᠠᠷ ᠠᠰᠢᠭᠯᠠᠯᠲᠠ ᠳᠤ ᠣᠷᠣᠪᠠ᠃ | ᠲᠠᠨᠢᠯᠴᠠᠭᠤᠯᠤᠭᠰᠠᠨ ᠢᠶᠠᠷ᠂ ᠡᠪᠡᠳᠴᠢᠨ ᠤ ᠵᠦᠶ ᠶᠢ ᠠᠯᠤᠰ ᠠᠴᠠ ᠤᠨᠤᠰᠢᠯᠠᠬᠤ ᠰᠢᠰᠲ᠋ᠧᠮ ᠳᠤ | ᠡᠪᠡᠳᠴᠢᠨ ᠤ ᠵᠦᠶ ᠶᠢᠨ ᠰᠢᠷᠪᠢᠯᠲᠡ ᠶᠢᠨ ᠰᠢᠰᠲ᠋ᠧᠮ᠂ ᠣᠷᠣᠨ ᠪᠦᠰᠡ ᠶᠢᠨ ᠡᠪᠡᠳᠴᠢᠨ ᠤ ᠵᠦᠶ ᠶᠢᠨ | ᠣᠨᠣᠰᠢᠯᠠᠯᠲᠠ ᠶᠢᠨ ᠰᠢᠰᠲ᠋ᠧᠮ᠂ ᠡᠪᠡᠳᠴᠢᠨ ᠤ ᠵᠦᠶ ᠶᠢ ᠠᠯᠤᠰ ᠠᠴᠠ ᠬᠠᠮᠲᠤᠷᠠᠨ ᠣᠨᠣᠰᠢᠯᠠᠬᠤ ᠰᠢᠰᠲ᠋ᠧᠮ᠂ | ᠲᠣᠭᠠᠴᠢᠯᠠᠭᠰᠠᠨ ᠭᠦᠶᠦᠯᠭᠡᠨ ᠦᠵᠡᠬᠦ ᠵᠢᠴᠢ ᠵᠠᠳᠠᠯᠬᠤ ᠰᠣᠹᠲ ᠪᠠᠭᠲᠠᠨ᠎ᠠ᠂ 240 ᠬᠤᠪᠢ ᠰᠢᠯᠯᠢᠭ ᠲᠤ | ᠪᠥᠭᠡᠮ ᠢᠶᠠᠷ ᠲᠣᠭᠠᠴᠢᠯᠠᠭᠰᠠᠨ ᠰᠢᠷᠪᠢᠯᠲᠡ ᠬᠢᠬᠦ ᠶᠢ ᠪᠡᠶᠡᠯᠡᠭᠦᠯᠵᠦ ᠴᠢᠳᠠᠬᠤ ᠶᠢᠨ ᠬᠠᠮᠳᠤ ᠲᠣᠭᠠᠴᠢᠯᠠᠨ ᠬᠠᠳᠠᠭᠠᠯᠠᠬᠤ | ᠂ ᠬᠠᠮᠲᠤ ᠪᠠᠷ ᠡᠳ᠋ᠯᠡᠬᠦ᠂ ᠳᠠᠮᠵᠢᠭᠤᠯᠬᠤ᠂ ᠠᠯᠤᠰ ᠠᠴᠠ ᠣᠨᠣᠰᠢᠯᠠᠬᠤ ᠵᠡᠷᠭᠡ ᠴᠢᠳᠠᠮᠵᠢ ᠲᠠᠢ᠂ ᠪᠡᠭᠡᠵᠢᠩ᠂ ᠱᠠᠩᠬᠠᠶ | ᠂ ᠭᠤᠸᠠᠩᠵᠧᠦ ᠵᠡᠷᠭᠡ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠯᠤᠭ᠎ᠠ ᠡᠪᠡᠳᠴᠢᠨ ᠤ ᠵᠦᠶ ᠶᠢ ᠲᠤᠬᠠᠢ ᠶᠢᠨ | ᠴᠠᠭ ᠲᠤ ᠨᠢ ᠲᠣᠳᠣᠷᠬᠠᠶ ᠬᠠᠮᠲᠤᠷᠠᠨ ᠣᠨᠣᠰᠢᠯᠠᠬᠤ ᠶᠢ ᠬᠠᠮᠵᠢᠯᠴᠠᠨ ᠪᠡᠶᠡᠯᠡᠬᠦᠯᠵᠦ ᠴᠢᠳᠠᠨ᠎ᠠ᠃ | ᠡᠭᠦᠨ ᠠᠴᠠ ᠭᠠᠳᠠᠨ᠎ᠠ᠂ ᠡᠪᠡᠳᠴᠢᠨ ᠤ ᠵᠦᠶ ᠶᠢ ᠠᠯᠤᠰ ᠠᠴᠠ ᠤᠨᠤᠰᠢᠯᠠᠬᠤ ᠰᠢᠰᠲ᠋ᠧᠮ ᠨᠢ ᠪᠠᠰᠠ | ᠦᠨᠳᠦᠰᠦᠨ ᠱᠠᠲᠤᠨ ᠤ ᠡᠮᠨᠡᠯᠭᠡ ᠶᠢᠨ ᠬᠤᠷᠢᠶ᠎ᠠ ᠲᠠᠢ ᠡᠪᠡᠳᠴᠢᠨ ᠤ ᠵᠦᠶ ᠶᠢ ᠠᠯᠤᠰ ᠠᠴᠠ ᠬᠠᠮᠲᠤᠷᠠᠨ | ᠣᠨᠣᠰᠢᠯᠠᠬᠤ᠂ ᠬᠥᠯᠳᠡᠭᠡᠭᠰᠡᠨ ᠬᠡᠷᠴᠢᠮᠡᠯ ᠵᠢᠴᠢ ᠡᠩ ᠤᠨ ᠬᠡᠷᠴᠢᠮᠡᠯ ᠢ ᠣᠨᠣᠰᠢᠯᠠᠬᠤ ᠦᠢᠯᠡᠴᠢᠯᠡᠭᠡ ᠶᠢ ᠥᠷᠨᠢᠭᠦᠯᠵᠦ | ᠂ ᠥᠷᠭᠡᠨ ᠣᠯᠠᠨ ᠦᠨᠳᠦᠰᠦᠨ ᠱᠠᠲᠤᠨ ᠤ ᠣᠯᠠᠨ ᠲᠦᠮᠡᠨ ᠳᠤ ᠲᠤᠬᠠᠶ ᠶᠢᠨ ᠭᠠᠵᠠᠷ ᠤᠨ ᠣᠶᠢᠷ᠎ᠠ ᠬᠠᠪᠢ ᠳᠤ ᠨᠢ | ᠭᠤᠷᠪᠠᠳᠤᠭᠠᠷ ᠲᠡᠰ ᠤᠨ ᠡᠮᠨᠡᠯᠭᠡ ᠶᠢᠨ ᠬᠤᠷᠢᠶᠠᠨ ᠤ ᠡᠪᠡᠳᠴᠢᠨ ᠤ ᠵᠦᠶ ᠶᠢᠨ ᠣᠨᠣᠰᠢᠯᠠᠯᠲᠠ ᠪᠣᠯᠤᠨ ᠡᠮ | ᠡᠮᠨᠡᠯᠭᠡ ᠶᠢᠨ ᠦᠢᠯᠡᠴᠢᠯᠡᠭᠡ ᠶᠢ ᠬᠦᠷᠳᠡᠭᠡᠵᠦ᠂ ᠣᠯᠠᠨ ᠲᠦᠮᠡᠨ ᠤ ᠡᠮᠨᠡᠭᠦᠯᠬᠦ ᠴᠠᠭ ᠪᠠ ᠡᠮᠨᠡᠭᠦᠯᠬᠦ ᠥᠪᠡᠷ ᠤᠨ | ᠥᠷᠲᠡᠭ ᠢ ᠶᠡᠭᠡ ᠪᠠᠷ ᠪᠠᠭᠤᠷᠠᠭᠤᠯᠬᠤ ᠪᠤᠯᠤᠨ᠎ᠠ᠃ ᠡᠭᠦᠨ ᠤ ᠬᠠᠮᠳᠤ ᠦᠨᠳᠦᠰᠦᠨ ᠱᠠᠲᠤᠨ ᠤ ᠡᠮᠨᠡᠯᠭᠡ ᠶᠢᠨ | ᠬᠤᠷᠢᠶᠠᠨ ᠳᠤ ᠡᠪᠡᠳᠴᠢᠨ ᠤ ᠵᠦᠶ ᠶᠢᠨ ᠣᠨᠣᠰᠢᠯᠠᠭᠴᠢ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠵᠦ ᠴᠢᠳᠠᠨ᠎ᠠ ᠃ |