ᠪᠦ᠋ ᠰᠢᠶᠤᠤ ᠯᠢᠨ ᠬᠥᠬᠡᠬᠤᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-06-23
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠳ᠋ᠠᠢ ᠬᠤᠩ︶ 6 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠪᠦ᠋ ᠰᠢᠶᠤᠤ ᠯᠢᠨ ᠬᠥᠬᠡᠬᠤᠲᠠ ᠳᠤ ᠭᠦᠨᠵᠡᠭᠡᠶᠢᠷᠡᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠬᠰᠠᠳ ᠢ ᠠᠪᠤᠷᠠᠨ ᠵᠠᠰᠠᠬᠤ ᠲᠣᠭᠲᠠᠬᠰᠠᠨ ᠴᠡᠭ ᠤᠨ ᠡᠮᠨᠡᠯᠭᠡ ᠶᠢᠨ ᠬᠤᠷᠢᠶ᠎ᠠ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ᠂ ᠲᠡᠯᠡᠶ ᠶᠢᠨ ᠢᠳᠡᠭᠡᠨ ᠤᠰᠤᠨ ᠭᠠᠷᠤᠯᠲᠠ ᠶᠢᠨ ᠵᠠᠬ᠎ᠠ ᠳᠡᠯᠭᠡᠭᠦᠷ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ᠃     ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠲᠡᠨ ᠢ ᠠᠪᠤᠷᠠᠨ ᠵᠠᠰᠠᠬᠤ ᠲᠣᠭᠲᠠᠬᠰᠠᠨ ᠴᠡᠭ ᠤᠨ ᠡᠮᠨᠡᠯᠭᠡ ᠶᠢᠨ ᠬᠤᠷᠢᠶ᠎ᠠ ᠪᠣᠯᠣᠨ᠎ᠠ᠃ ᠪᠦ᠋ ᠰᠢᠶᠤᠤ ᠯᠢᠨ ᠡᠮᠨᠡᠯᠭᠡ ᠶᠢᠨ ᠬᠤᠷᠢᠶ᠎ᠠ ᠳᠤ ᠬᠦᠷᠴᠦ᠂ ᠳᠡᠰ ᠳᠡᠪᠰᠢᠭᠦᠯᠦᠨ ᠥᠭᠡᠷᠡᠴᠢᠯᠡᠨ ᠪᠠᠶᠢᠭᠤᠯᠤᠭᠰᠠᠨ ᠤ ᠳᠠᠷᠠᠭᠠᠬᠢ ᠰᠦᠬᠡᠷᠬᠦ ᠳᠠᠷᠤᠯᠲᠠᠳᠤ ᠡᠪᠡᠳᠴᠢᠲᠡᠨ ᠤ ᠦᠷᠦᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠴᠢᠳᠠᠮᠵᠢ ᠶᠢᠨ ᠲᠣᠬᠢᠷᠠᠭᠤᠯᠤᠯᠲᠠ᠂ ᠠᠪᠤᠷᠠᠨ ᠵᠠᠰᠠᠬᠤ ᠶᠠᠪᠤᠴᠠ ᠪᠠ ᠡᠮᠴᠢ ᠰᠤᠪᠢᠯᠠᠭᠴᠢ ᠶᠢᠨ ᠠᠮᠠᠷᠠᠬᠤ ᠶᠢ ᠪᠠᠳᠤᠯᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠮᠴᠢ ᠰᠤᠪᠢᠯᠠᠭᠴᠢ ᠨᠠᠷ ᠢ ᠰᠢᠨ᠎ᠡ ᠲᠠᠯᠠᠪᠤᠷ ᠤᠨ ᠣᠷᠴᠢᠨ ᠲᠣᠭᠤᠷᠢᠨ᠂ ᠠᠵᠢᠯ ᠤᠨ ᠶᠠᠪᠤᠴᠠ ᠵᠢᠴᠢ ᠠᠪᠤᠷᠠᠨ ᠵᠠᠰᠠᠬᠤ ᠳᠡᠰ ᠳᠠᠷᠠᠭᠠᠯᠠᠯ ᠢ ᠳᠠᠷᠤᠢ ᠲᠦᠷᠭᠡᠨ ᠪᠤᠯᠪᠠᠰᠤᠷᠠᠩᠭᠤᠢ ᠡᠵᠡᠮᠰᠢᠬᠦ ᠬᠡᠷᠡᠭᠲᠡᠶ ᠭᠡᠵᠦ ᠵᠠᠬᠢᠪᠠ᠃ ᠲᠡᠷᠡ᠂ ᠮᠠᠨ ᠤ ᠣᠷᠣᠨ ᠪᠡᠭᠡᠵᠢᠩ ᠲᠠᠢ ᠣᠶᠢᠷᠠᠯᠴᠠᠭ᠎ᠠ ᠪᠦᠭᠡᠳ ᠬᠢᠯᠢ ᠪᠠᠷ ᠣᠷᠣᠵᠤ ᠢᠷᠡᠬᠦ ᠵᠢᠰᠢᠶᠡᠨ ᠤ ᠨᠢᠰᠬᠡᠯ ᠢ ᠲᠠᠷᠬᠠᠭᠠᠨ ᠪᠠᠭᠤᠯᠭᠠᠬᠤ ᠡᠭᠦᠷᠭᠡ ᠶᠢ ᠡᠭᠦᠷᠭᠡᠯᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠡᠭᠦᠷᠭᠡ ᠮᠠᠰᠢ ᠬᠦᠨᠳᠦ ᠪᠠᠶᠢᠨ᠎ᠠ᠃ ᠥᠷᠭᠡᠨ ᠣᠯᠠᠨ ᠡᠮᠴᠢ ᠰᠤᠪᠢᠯᠠᠭᠴᠢ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠳᠤᠰᠢᠶᠠᠯ ᠢᠶᠠᠨ ᠨᠠᠷᠢᠨ ᠬᠢᠨᠠᠮᠠᠭᠠᠶ ᠭᠦᠢᠴᠡᠳᠬᠡᠵᠦ᠂ ᠣᠨᠣᠰᠢᠯᠠᠬᠰᠠᠨ ᠡᠪᠡᠳᠴᠢᠲᠡᠨ ᠢ ᠠᠪᠤᠷᠠᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠳᠠ ᠪᠠᠨ ᠴᠢᠩᠭᠠᠳᠬᠠᠵᠤ᠂ ᠰᠣᠯᠪᠢᠴᠠᠨ ᠬᠠᠯᠳᠠᠪᠤᠷᠢᠯᠠᠬᠤ ᠠᠴᠠ ᠦᠨᠡᠨ ᠬᠦ ᠵᠠᠶᠢᠯᠠᠰᠬᠢᠬᠦ ᠬᠡᠷᠡᠭᠲᠡᠢ ᠬᠡᠵᠥ ᠴᠢᠬᠤᠯᠠᠴᠢᠯᠠᠪᠠ᠃     ᠮᠧᠶ ᠲᠦᠩ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ ᠪᠣᠯ ᠣᠳᠣᠬᠠᠨ ᠤ ᠪᠦᠬᠦ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠪᠤᠷᠤᠯᠠᠭᠤᠯᠬᠤ ᠨᠢᠭᠡᠳᠦᠭᠡᠷ ᠳᠡᠰ ᠤᠨ  ᠵᠠᠬ᠎ᠠ ᠳᠡᠯᠭᠡᠭᠦᠷ ᠪᠣᠯᠣᠨ᠎ᠠ᠃ ᠵᠠᠬ᠎ᠠ ᠳᠡᠯᠭᠡᠭᠦᠷ ᠤᠨ ᠮᠢᠬᠠᠨ ᠤ ᠵᠦᠢᠯᠡᠰ᠂ ᠤᠰᠤᠨ ᠭᠠᠷᠤᠯᠲᠠ ᠶᠢᠨ ᠪᠦᠲᠦᠭᠡᠭᠳᠡᠭᠦᠨ ᠤ ᠶᠡᠭᠡ ᠲᠢᠩᠬᠢᠮ ᠳᠤ᠂ ᠪᠦ᠋ ᠰᠢᠶᠤᠤ ᠯᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠠᠷᠢᠭᠤᠳᠬᠠᠬᠤ ᠠᠷᠭ᠎ᠠ ᠬᠡᠮᠵᠢᠶ᠎ᠡ᠂ ᠪᠠᠷᠠᠭ᠎ᠠ ᠣᠷᠣᠭᠤᠯᠬᠤ ᠠᠷᠭ᠎ᠠ ᠵᠠᠮ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠵᠠᠬ᠎ᠠ ᠳᠡᠯᠭᠡᠭᠦᠷ ᠤᠨ ᠵᠢᠮᠢᠰ᠂ ᠢᠳᠡᠰᠢᠨ ᠨᠣᠭᠤᠭ᠎ᠠ ᠶᠢ ᠭᠠᠷᠤᠯᠲᠠ ᠶᠢᠨ ᠣᠷᠣᠨ ᠠᠴᠠ ᠰᠢᠭᠤᠳ ᠬᠤᠳᠠᠯᠳᠤᠨ ᠠᠪᠬᠤ ᠬᠠᠷᠢᠴᠠᠯ ᠶᠠᠪᠤᠬᠤ ᠲᠤᠳᠤᠮ ᠶᠡᠭᠡ ᠪᠣᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠦᠨ᠎ᠡ ᠬᠠᠩᠰᠢ ᠶᠢᠨ ᠲᠣᠭᠲᠠᠭᠤᠨ ᠢ ᠪᠠᠲᠤᠯᠠᠵᠤ ᠪᠠᠶᠢᠬᠤ ᠶᠢ ᠰᠤᠨᠤᠰᠤᠭᠠᠳ ᠮᠠᠭᠳᠠᠵᠤ ᠨᠤᠳᠠᠯᠠᠭᠰᠠᠨ ᠪᠠᠶᠢᠨ᠎ᠠ᠃ ᠶᠠᠭᠤᠮ᠎ᠠ ᠬᠤᠳᠠᠯᠳᠤᠨ ᠠᠪᠴᠤ ᠪᠠᠶᠢᠭ᠎ᠠ ᠬᠥᠮᠥᠰ ᠤᠨ ᠵᠠᠷᠢᠮ  ᠨᠢ ᠠᠮᠠᠪᠴᠢ ᠵᠡᠭᠦᠭᠰᠡᠨ ᠦᠭᠡᠢ ᠶᠢ ᠦᠵᠡᠬᠡᠳ᠂ ᠪᠦ᠋ ᠰᠢᠶᠤᠤ ᠯᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯᠲᠠᠨ ᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠠᠷᠢᠭᠤᠨ ᠴᠡᠪᠡᠷ ᠡᠮᠬᠢ ᠲᠢᠭᠯᠢᠮ ᠢ ᠪᠠᠲᠤᠯᠠᠵᠤ᠂ ᠵᠠᠬ᠎ᠠ ᠳᠡᠯᠭᠡᠭᠦᠷ ᠲᠤ ᠣᠷᠣᠬᠤ ᠬᠥᠮᠦᠰ ᠢ ᠪᠦᠬᠦᠨ ᠢ ᠠᠮᠠᠪᠴᠢ ᠵᠡᠭᠦᠯᠭᠡᠬᠦ ᠬᠡᠷᠡᠭᠲᠡᠶ ᠬᠡᠵᠥ ᠵᠠᠬᠢᠵᠠᠢ᠃ ᠳᠠᠷᠠᠭ᠎ᠠ ᠨᠢ᠂ ᠲᠡᠷᠡ ᠰᠠᠶᠢᠬᠠᠨ ᠲᠣᠭᠤᠷᠢᠭ ᠲᠤ ᠪᠠᠶᠢᠭ᠎ᠠ ᠷᠦᠩ ᠴᠢᠶᠣᠤ ᠳᠠᠯᠠᠢ ᠶᠢᠨ ᠢᠳᠡᠭᠡᠨ ᠤ ᠵᠠᠬ᠎ᠠ ᠳᠡᠯᠭᠡᠭᠦᠷ ᠲᠤ ᠬᠦᠷᠴᠤ᠂ ᠳᠠᠯᠠᠢ ᠶᠢᠨ ᠢᠳᠡᠭᠡᠨ ᠪᠠ ᠤᠰᠤᠨ ᠭᠠᠷᠤᠯᠲᠠ ᠶᠢᠨ ᠪᠦᠲᠦᠭᠡᠭᠳᠡᠭᠦᠨ ᠤ ᠭᠠᠷᠤᠯᠲᠠ ᠶᠢᠨ ᠣᠷᠣᠨ᠂ ᠪᠠᠷᠠᠭ᠎ᠠ ᠶᠢᠨ ᠭᠦᠢᠯᠭᠡᠭᠡ ᠵᠠᠮ ᠲᠡᠭᠡᠭᠡᠪᠦᠷᠢ᠂ ᠪᠣᠷᠣᠯᠠᠭᠤᠯᠬᠤ ᠬᠡᠮᠵᠢᠶᠡᠨ ᠤ ᠬᠤᠪᠢᠷᠠᠯᠲᠠ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ᠂ ᠲᠠᠷᠢᠶᠠᠯᠠᠩ ᠤᠨ ᠪᠦᠲᠦᠭᠡᠭᠳᠡᠬᠦᠨ ᠵᠢᠴᠢ ᠳᠠᠯᠠᠢ ᠶᠢᠨ ᠢᠳᠡᠭᠡᠨ᠂ ᠤᠰᠤᠨ ᠭᠠᠷᠤᠯᠲᠠ ᠶᠢᠨ ᠵᠠᠬ᠎ᠠ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ᠂ ᠲᠠᠷᠢᠶᠠᠯᠠᠩ ᠤᠨ ᠳᠤᠰᠠᠯᠠᠬᠤ ᠠᠵᠥ ᠠᠬᠤᠢ ᠶᠢᠨ ᠪᠦᠳᠦᠬᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠳᠠᠯᠠᠶ ᠶᠢᠨ ᠢᠳᠡᠭᠡᠨ ᠪᠠ ᠤᠰᠤᠨ ᠭᠠᠷᠤᠯᠲᠠ ᠶᠢᠨ ᠵᠠᠬ᠎ᠠ ᠳᠡᠯᠭᠡᠭᠦᠷ ᠪᠣᠯ ᠣᠳᠣᠬᠠᠨ ᠤ ᠬᠢᠵᠢᠭ ᠢ ᠰᠡᠷᠭᠡᠶᠢᠯᠡᠬᠦ ᠭᠤᠣᠯᠳᠠᠯᠭ᠎ᠠ ᠲᠠᠢ ᠭᠠᠵᠠᠷ ᠮᠦᠨ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠠᠳᠬᠤᠵᠤ ᠪᠣᠳᠠᠲᠠᠶ ᠠᠳᠬᠤᠨ ᠨᠠᠷᠢᠯᠢᠭ ᠠᠳᠬᠤᠵᠥ᠂ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠪᠠᠷᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠦᠨ᠎ᠡ ᠬᠠᠩᠰᠢ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠᠯᠳᠤᠭᠠᠴᠢᠳ ᠤᠨ ᠦᠨᠡᠨᠴᠢ ᠢᠲᠡᠭᠡᠮᠵᠢᠲᠡᠶ ᠪᠠᠷ ᠬᠠᠤᠯᠢ ᠶᠢ ᠵᠢᠷᠦᠮᠯᠡᠨ ᠡᠵᠡᠩᠨᠡᠬᠦ ᠶᠢ ᠬᠥᠲᠥᠯᠥᠨ ᠵᠢᠯᠣᠭᠤᠳᠴᠤ᠂ ᠠᠷᠠᠳ ᠣᠯᠠᠨ ᠤ ᠢᠳᠡᠭᠡᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠦᠪᠠᠷᠳᠡᠬᠡᠨ ᠵᠠᠰᠠᠬᠤ ᠤᠷᠤᠨ ᠤ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠤᠨᠬᠤ ᠭᠠᠵᠠᠷ ᠤᠨ ᠲᠡᠳ᠋ ᠶᠡᠷᠦᠩᠬᠡᠢ ᠵᠢᠯᠤᠭᠤᠳᠤᠭᠴᠢ ᠡᠸᠤ ᠶᠠᠩ ᠰᠢᠶᠤᠤ ᠬᠤᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号