ᠸᠠᠩ ᠯᠢ ᠰᠢᠶᠠ ᠡᠷᠬᠢᠯᠡᠵᠦ ᠵᠠᠩ ᠪᠠᠢ ᠴᠧᠩ ᠰᠦᠨ ᠵᠢᠶᠠᠨ ᠬᠤᠸᠠ ᠯᠥᠸᠧ ᠴᠢᠩ ᠣᠷᠣᠯᠴᠠᠪᠠ | ︵ᠰᠤᠷᠪᠤᠯᠵᠢᠯᠠᠭᠴᠢ ᠹᠧᠩ ᠶᠠᠨ ᠫᠢᠩ︶ 6 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠤᠳᠤᠷᠢᠳᠬᠤ ᠳᠤᠭᠤᠶᠢᠯᠠᠩ ᠤᠨ | 26 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ | ᠠᠵᠢᠯ ᠤᠨ ᠲᠤᠬᠠᠢ ᠴᠢᠬᠤᠯᠠ ᠵᠢᠭᠠᠪᠤᠷᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ | ᠮᠠᠨ ᠤ ᠬᠤᠲᠠ ᠶᠢᠨ ᠣᠶᠢᠷ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ | ᠬᠢᠵᠢᠭ ᠤᠨ ᠪᠠᠶᠢᠳᠠᠯ ᠢ ᠰᠤᠳᠤᠯᠤᠨ ᠵᠠᠳᠠᠯᠪᠠ︔ 1 — 5 ᠰᠠᠷ᠎ᠠ ᠶᠢᠨ ᠪᠦᠬᠦ ᠬᠤᠲᠠ ᠶᠢᠨ ᠠᠵᠤ ᠠᠬᠤᠢ ᠶᠢᠨ | ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠢ ᠡᠷᠬᠢᠯᠡᠪᠡ᠃ | ᠬᠤᠷᠠᠯ ᠠᠴᠠ ᠵᠢᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠤᠭ᠎ᠠ | ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠶᠢᠨ ᠫᠢᠩ ᠣᠯᠠᠨ | ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠪᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠭ᠎ᠠ ᠪᠦᠷᠢᠳᠬᠡᠯ ᠤᠨ ᠠᠵᠢᠯ ᠳᠠᠬᠢ ᠤᠳᠤᠷᠢᠳᠤᠯᠭ᠎ᠠ ᠪᠠᠨ ᠤᠯᠠᠮ ᠨᠢᠭᠡ | ᠠᠯᠬᠤᠮ ᠴᠢᠩᠭᠠᠳᠬᠠᠨ᠂ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠬᠥᠭᠵᠢᠯᠲᠡ ᠳᠠᠬᠢ ᠦᠢᠯᠡᠴᠢᠯᠡᠬᠦ ᠴᠢᠳᠠᠪᠤᠷᠢ ᠪᠠ | ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠦᠨᠡᠨ ᠪᠣᠳᠠᠲᠠᠢ ᠴᠢᠨᠠᠷ ᠢ ᠦᠨᠡᠨ ᠬᠦ | ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠳᠤ ᠬᠤᠳᠠᠯ ᠵᠣᠬᠢᠶᠠᠬᠤ ᠶᠢ ᠡᠷᠡᠰ ᠰᠡᠷᠭᠡᠶᠢᠯᠡᠨ᠂ ᠲᠤᠭ᠎ᠠ ᠪᠦᠷᠢᠳᠬᠡᠯ ᠤᠨ ᠠᠵᠢᠯ | ᠦᠢᠯᠡᠳᠦᠯᠭᠡ ᠪᠠ ᠲᠡᠦᠬᠡ ᠶᠢᠨ ᠰᠢᠯᠭᠠᠯᠲᠠ ᠶᠢ ᠳᠠᠭᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯᠲᠡ ᠲᠠᠨᠢᠯᠲᠠ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠰᠡᠷᠭᠡᠶᠢᠯᠡᠨ᠂ ᠮᠢᠨᠴᠦᠭᠦᠷᠡᠬᠦ ᠦᠵᠡᠯ ᠰᠠᠨᠠᠭ᠎ᠠ᠂ | ᠬᠠᠰᠢᠷᠠᠬᠤ ᠰᠡᠳᠬᠢᠯᠭᠡ᠂ ᠭᠤᠷᠢᠳᠠᠬᠤ ᠪᠣᠳᠣᠯ᠂ ᠰᠤᠯᠠᠷᠠᠬᠤ ᠪᠠᠶᠢᠳᠠᠯ ᠢ ᠡᠷᠡᠰ ᠲᠡᠪᠴᠢᠵᠦ᠂ ᠰᠡᠷᠭᠡᠶᠢᠯᠡᠨ ᠡᠵᠡᠮᠳᠡᠬᠦ ᠶᠢᠨ | ᠴᠣᠭᠤᠷᠬᠠᠢ ᠶᠢ ᠲᠠᠬᠢᠨ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠶᠢᠨ ᠭᠤᠣᠯᠳᠠᠯᠭ᠎ᠠ ᠶᠢ ᠲᠠᠬᠢᠨ ᠪᠠᠲᠤᠵᠢᠭᠤᠯᠵᠤ᠂ ᠰᠡᠷᠭᠡᠶᠢᠯᠡᠨ | ᠡᠵᠡᠮᠳᠡᠬᠦ ᠱᠠᠭᠠᠷᠳᠠᠯᠭ᠎ᠠ ᠶᠢ ᠲᠠᠬᠢᠨ ᠨᠠᠶᠢᠳᠠᠪᠤᠷᠢᠵᠢᠭᠤᠯᠤᠨ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠰᠠᠶᠢᠨ ᠬᠠᠨᠳᠤᠰᠢ ᠳᠤ ᠡᠷᠭᠢᠯᠲᠡ ᠭᠠᠷᠬᠤ ᠶᠢ ᠴᠢᠩᠭ᠎ᠠ ᠬᠤᠷᠢᠭᠯᠠᠬᠤ ᠬᠡᠷᠡᠭᠲᠡᠢ᠃ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠠᠴᠠ ᠴᠢᠩᠭ᠎ᠠ᠂ ᠨᠠᠷᠢᠯᠢᠭ ᠠᠴᠠ ᠨᠠᠷᠢᠯᠢᠭ ᠠᠳᠬᠤᠵᠤ᠂ ᠤᠯᠤᠰ ᠤᠨ | ᠳᠣᠲᠣᠭᠠᠳᠤ ᠶᠢᠨ ᠳᠤᠮᠳᠠ ᠳᠡᠭᠡᠳᠦ ᠲᠡᠰ ᠤᠨ ᠲᠦᠭᠰᠢᠭᠦᠷᠢᠲᠡᠢ ᠭᠠᠵᠠᠷ ᠣᠷᠣᠨ ᠤ ᠬᠥᠮᠥᠨ ᠢ ᠮᠥᠷᠳᠡᠨ ᠪᠠᠶᠢᠴᠠᠭᠠᠬᠤ ᠪᠠ | ᠬᠠᠮᠢᠶᠠᠷᠤᠨ ᠡᠵᠡᠮᠳᠡᠬᠦ ᠪᠠᠨ ᠦᠷᠭᠦᠯᠵᠢᠯᠡᠨ ᠴᠢᠩᠭᠠᠳᠬᠠᠵᠤ᠂ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ | ᠪᠠᠭᠤᠯᠭᠠᠬᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠨ ᠬᠢᠵᠦ᠂ ᠳᠤᠮᠳᠠ ᠳᠡᠭᠡᠳᠦ ᠲᠡᠰ ᠤᠨ | ᠲᠦᠭᠰᠢᠭᠦᠷᠢᠲᠡᠢ ᠭᠠᠵᠠᠷ ᠣᠷᠣᠨ ᠪᠠ ᠤᠯᠤᠰ ᠤᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠲᠠᠬᠢ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠳᠠᠯᠠᠢ ᠶᠢᠨ ᠭᠠᠷᠤᠯᠲᠠ ᠶᠢᠨ ᠵᠠᠬ᠎ᠠ | ᠳᠡᠯᠭᠡᠭᠦᠷ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠭᠠᠵᠠᠷ ᠤᠨ ᠡᠷᠡᠭᠦᠯ ᠬᠠᠮᠠᠭᠠᠯᠠᠯ ᠠᠷᠢᠭᠤᠨ ᠴᠡᠪᠡᠷ ᠪᠠ | ᠠᠷᠢᠭᠤᠳᠬᠠᠯ ᠤᠨ ᠠᠵᠢᠯ ᠢ ᠴᠢᠩᠭᠠᠳᠬᠠᠵᠤ᠂ ᠡᠮᠴᠢᠯᠡᠭᠡ ᠶᠢᠨ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠭᠠᠵᠠᠷ | ᠲᠠᠯᠠᠪᠤᠷ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠬᠡᠷᠡᠭᠲᠡᠢ᠃ ᠨᠡᠶᠢᠭᠡᠮ ᠲᠣᠭᠤᠷᠢᠭ᠂ ᠠᠵᠤ ᠠᠬᠤᠶᠢᠯᠠᠯ᠂ | ᠪᠠᠶᠢᠭᠤᠯᠭ᠎ᠠ ᠨᠢᠭᠡᠴᠡ᠂ ᠰᠤᠷᠭᠠᠭᠤᠯᠢ ᠵᠡᠷᠭᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ | ᠪᠣᠳᠠᠲᠠᠶᠢᠵᠢᠭᠤᠯᠵᠤ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠤᠨ᠂ ᠭᠤᠭᠴᠤᠭ᠎ᠠ | ᠪᠦᠷᠢ ᠳᠤ ᠠᠯᠳᠠᠭ᠎ᠠ ᠭᠠᠷᠭᠠᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠲᠠᠬᠢᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ | ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ | ᠦᠨᠡᠨᠬᠦ ᠨᠢᠭᠡᠳᠬᠡᠵᠦ᠂ ᠲᠣᠭᠲᠠᠭᠤᠨ ᠤ ᠳᠤᠮᠳᠠ ᠳᠠᠪᠰᠢᠯᠲᠠ ᠭᠠᠷᠭᠠᠬᠤ ᠦᠨᠳᠦᠰᠦᠨ ᠬᠥᠭ ᠠᠶᠠᠰ ᠢᠶᠠᠷ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠠᠵᠢᠯ ᠢ | ᠨᠠᠶᠢᠳᠠᠪᠤᠷᠢᠵᠢᠭᠤᠯᠤᠨ᠂ ᠳᠠᠷᠤᠭᠠᠰᠤ ᠶᠢ ᠢᠳᠡᠪᠬᠢᠲᠡᠢ ᠪᠠᠷ ᠬᠥᠳᠡᠯᠭᠡᠬᠦ ᠬᠦᠴᠦᠨ ᠪᠣᠯᠭᠠᠨ᠂ ᠬᠦᠴᠢᠷ ᠪᠡᠷᠬᠡ ᠶᠢ ᠵᠣᠷᠢᠭᠲᠠᠢ | ᠲᠤᠭᠤᠯᠤᠨ᠂ ᠪᠦᠲᠦᠭᠡᠨ ᠪᠠᠶᠢᠭᠤᠯᠤᠯᠲᠠ ᠶᠢᠨ ᠰᠠᠶᠢᠬᠠᠨ ᠴᠠᠭ ᠢ ᠠᠮᠵᠢᠨ ᠠᠳᠬᠤᠵᠤ᠂ ᠴᠠᠭ ᠮᠥᠴᠡ ᠲᠠᠢ ᠤᠷᠤᠯᠳᠤᠨ | ᠲᠥᠷᠥᠯ ᠵᠦᠢᠯ ᠢ ᠠᠳᠬᠤᠵᠤ᠂ ᠠᠵᠤ ᠠᠬᠤᠶᠢᠯᠠᠯ ᠢ ᠨᠠᠷᠢᠨ ᠨᠢᠮᠪᠠᠢ ᠳᠡᠮᠵᠢᠵᠦ᠂ ᠳᠠᠯᠳᠠ ᠬᠦᠴᠦᠨ ᠢ ᠬᠥᠭᠵᠢᠭᠦᠯᠦᠨ | ᠬᠡᠷᠡᠭᠯᠡᠭᠡ ᠶᠢ ᠠᠬᠢᠭᠤᠯᠤᠨ᠂ ᠦᠨᠡᠨ ᠰᠡᠳᠬᠢᠯ ᠬᠠᠯᠠᠭᠤᠨ ᠬᠠᠶᠢᠷ᠎ᠠ ᠡᠷᠴᠢ ᠬᠦᠴᠦᠨ ᠢᠶᠠᠷ ᠠᠷᠠᠳ ᠤᠨ ᠠᠮᠢᠳᠤᠷᠠᠯ ᠢ | ᠪᠠᠲᠤᠯᠠᠨ᠂ ᠡᠷᠲᠡ ᠣᠷᠣᠢ ᠲᠠᠢ ᠤᠷᠤᠯᠳᠤᠨ᠂ ᠴᠢᠩᠭ᠎ᠠ ᠠᠳᠬᠤᠨ ᠰᠢᠷᠭᠠᠭᠤ ᠠᠵᠢᠯᠯᠠᠵᠤ᠂ ᠣᠨ ᠤ ᠡᠯ᠎ᠡ ᠲᠥᠷᠥᠯ ᠤᠨ | ᠡᠭᠦᠷᠭᠡ ᠬᠠᠷᠠᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠰᠢᠢᠳᠪᠦᠷᠢᠲᠦ ᠳᠠᠶᠢᠯᠠᠯᠳᠤᠭᠠᠨ ᠳᠤ ᠰᠢᠢᠳᠪᠦᠷᠢᠲᠦ ᠢᠯᠠᠯᠲᠠ ᠣᠯᠬᠤ ᠬᠡᠷᠡᠭᠲᠡᠢ ᠭᠡᠪᠡ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠭᠰᠠᠨ ᠪᠦᠭᠡᠳ ᠠᠶᠤᠯᠭᠦᠢ ᠦᠢᠯᠡᠳᠪᠦᠷᠢᠯᠡᠯ ᠢ ᠰᠠᠶᠢᠲᠤᠷ | ᠠᠳᠬᠤᠬᠤ ᠲᠠᠯ᠎ᠠ ᠳᠤ ᠪᠣᠳᠠᠲᠠᠢ ᠱᠠᠭᠠᠷᠳᠠᠯᠭ᠎ᠠ ᠳᠤᠷᠠᠳᠪᠠ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠰᠦᠨ ᠵᠢᠶᠠᠨ | ᠬᠤᠸᠠ᠂ ᠯᠥᠸᠧ ᠴᠢᠩ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠵᠡᠷᠭᠡ ᠭᠤᠣᠯ ᠬᠤᠷᠠᠯ ᠤᠨ | ᠲᠠᠯᠠᠪᠠᠢ ᠳᠤ ᠬᠤᠷᠠᠯ ᠳᠤ ᠣᠷᠣᠯᠴᠠᠪᠠ᠃ | ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ | ᠣᠷᠣᠯᠴᠠᠪᠠ᠃ |