ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠰᠢᠨ᠎ᠡ ᠬᠤᠲᠠ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020-06-24
     6 ᠳ᠋ᠤᠭᠠᠷ ᠰᠠᠷ᠎ᠠ ᠵᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠲᠢᠩᠬᠢᠮ ᠤᠨ ᠨᠠᠷᠢᠨ ᠪᠢᠴᠢᠭ ᠤᠨ ᠭᠠᠵᠠᠷ ᠤᠨ ᠳᠡᠳ᠋ ᠳᠠᠷᠤᠭ᠎ᠠ ᠵᠠᠩ ᠰᠢᠨ ᠠᠩᠭᠢ ᠳᠠᠭᠠᠭᠤᠯᠤᠨ ᠰᠢᠨ᠎ᠡ ᠬᠤᠲᠠ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠬᠦᠷᠴᠦ᠂ ᠦᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠵᠢᠨ ᠵᠠᠯᠠᠭᠤ ᠺᠠᠳ᠋ᠷᠴᠤᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠂ ᠠᠵᠢᠯ ᠤᠨ ᠰᠤᠷᠲᠠᠯ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠡᠷᠭᠡ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠦᠷᠨᠢᠭᠦᠯᠵᠦ᠂ ᠬᠤᠲᠠ ᠵᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠱᠧᠨ ᠰᠢᠶᠤᠤ ᠳ᠋ᠦᠩ᠂ ᠬᠤᠲᠠ ᠵᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠵᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ ᠵᠧᠤ ᠹᠠᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠲᠤᠭᠤᠷᠢᠭ ᠤᠨ ᠨᠠᠮ ᠤᠨ ᠬᠤᠷᠢᠶ᠎ᠠ ᠵᠢᠨ ᠪᠠᠶᠢᠩᠭᠤ ᠵᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠩ ᠵᠢᠶᠦ᠋ᠨ ᠯᠢᠶᠠᠩ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠹᠧᠩ ᠭᠦᠸᠧ ᠵᠠᠨ᠂ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠤᠰᠬᠠᠶ ᠬᠡᠷᠡᠭ ᠲᠤ ᠣᠷᠣᠯᠴᠠᠵᠤ ᠥᠩᠭᠡᠷᠡᠭᠰᠡᠨ ᠬᠡᠰᠡᠭ ᠨᠥᠬᠦᠳ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠶᠠᠷᠢᠯᠴᠠᠬᠤ ᠬᠤᠷᠠᠯ ᠬᠤᠷᠠᠯᠳᠤᠭᠤᠯᠬᠤ᠂ ᠪᠠᠶᠢᠴᠠᠭᠠᠨ ᠰᠤᠳᠤᠯᠤᠯᠲᠠ ᠬᠢᠬᠦ ᠠᠰᠠᠭᠤᠯᠲᠠ ᠵᠢᠨ ᠬᠠᠭᠤᠳᠠᠰᠤ ᠲᠠᠷᠬᠠᠭᠠᠬᠤ ᠵᠢᠴᠢ ᠲᠤᠰᠬᠠᠶ ᠶᠠᠷᠢᠯᠴᠠᠬᠤ ᠬᠡᠯᠪᠡᠷᠢ ᠪᠠᠷ ᠳᠠᠮᠵᠢᠭᠤᠯᠤᠨ᠂ ᠣᠯᠠᠨ ᠲᠠᠯ᠎ᠠ ᠡᠴᠠ ᠪᠠᠶᠢᠳᠠᠯ ᠢ ᠣᠶᠢᠯᠠᠭᠠᠵᠤ᠂ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠰᠠᠨᠠᠯ ᠰᠠᠨᠠᠭᠤᠯᠭ᠎ᠠ ᠵᠢ ᠭᠦᠢᠴᠡᠳ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠵᠢᠨ ᠵᠠᠯᠠᠭᠤ ᠺᠠᠳ᠋ᠷᠴᠤᠳ ᠤᠨ ᠠᠵᠢᠯ ᠬᠢᠵᠦ ᠠᠳᠠᠯ ᠦᠢᠯᠡᠰ ᠴᠤᠭᠴᠠᠯᠠᠵᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠣᠶᠤᠨ ᠰᠠᠨᠠᠭᠠᠨ ᠤ ᠳᠦᠷᠰᠦ ᠪᠠᠶᠢᠳᠠᠯ ᠪᠠ ᠠᠵᠢᠯ ᠤᠨ ᠰᠤᠷᠲᠠᠯ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠪᠡ᠃      ᠪᠠᠶᠢᠴᠠᠭᠠᠨ ᠰᠤᠳᠤᠯᠤᠯᠲᠠ ᠵᠢᠨ ᠶᠠᠷᠢᠯᠴᠠᠬᠤ ᠬᠤᠷᠠᠯ ᠳᠤ ᠣᠷᠣᠯᠴᠠᠭᠰᠠᠨ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠺᠠᠳ᠋ᠷᠴᠤᠳ ᠪᠠᠶᠢᠴᠠᠭᠠᠨ ᠰᠤᠳᠤᠯᠬᠤ ᠠᠰᠠᠭᠤᠯᠲᠠ ᠵᠢᠨ ᠬᠠᠭᠤᠳᠠᠰᠤ ᠵᠢ ᠨᠠᠷᠢᠨ ᠬᠢᠨᠠᠮᠠᠭᠠᠶ ᠲᠠᠭᠯᠠᠵᠤ᠂ ᠶᠠᠷᠢᠯᠴᠠᠬᠤ ᠬᠤᠷᠠᠯ ᠳᠡᠭᠡᠷ᠎ᠡ ᠴᠢᠯᠦᠭᠡᠲᠡᠢ ᠶᠠᠷᠢᠯᠴᠠᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠠᠰᠢ ᠤᠯᠠᠨ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠤ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠭᠦᠢᠴᠡᠳ ᠨᠤᠲᠠᠯᠠᠯᠲᠠ ᠵᠢ ᠤᠯᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠡᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠡᠷ ᠬᠠᠭᠤᠯᠪᠤᠷᠢᠯᠠᠬᠤ ᠵᠢ ᠡᠷᠡᠰ ᠬᠤᠷᠢᠭᠯᠠᠨ᠎ᠠ 蒙ICP备16003084号-4号