ᠸᠠᠩ ᠯᠢ ᠰᠢᠶᠠ ᠮᠠᠨ ᠤ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠬᠠᠮᠠᠭᠠᠯᠠᠬᠤ ᠪᠠ ᠳᠡᠯᠭᠡᠨ ᠦᠵᠡᠭᠦᠯᠬᠦ ᠶᠢ ᠠᠳᠠᠯᠢᠬᠠᠨ ᠴᠢᠬᠤᠯᠠᠴᠢᠯᠠᠵᠤ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2020-06-24
ᠯᠢᠦ ᠴᠢ ᠹᠠᠨ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 6 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠮᠠᠨ ᠤ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠲᠡᠦᠬᠡ ᠶᠢᠨ ᠳᠤᠷᠠᠰᠬᠠᠯᠲᠤ ᠵᠦᠢᠯᠡᠰ ᠪᠣᠯ ᠡᠪᠦᠭᠡ ᠳᠡᠭᠡᠳᠦᠰ ᠠᠴᠠ ᠮᠠᠨ ᠳᠤ ᠦᠯᠡᠳᠡᠭᠡᠭᠰᠡᠨ ᠬᠤᠪᠣᠷ ᠨᠠᠨᠳᠢᠨ ᠥᠪ ᠬᠥᠷᠥᠩᠭᠡ ᠪᠣᠯᠣᠨ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢ ᠭᠠᠪᠢᠶ᠎ᠠ ᠨᠢ ᠤᠳᠤ ᠦᠶ᠎ᠡ ᠶᠢᠨ ᠬᠢ᠂ ᠠᠰᠢᠭ ᠨᠢ ᠡᠭᠦᠷᠢᠳᠡ ᠶᠢᠨ ᠬᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠴᠢᠬᠤᠯᠠ ᠦᠨ᠎ᠡ ᠥᠷᠲᠡᠭ ᠢ ᠭᠦᠨᠵᠡᠭᠡᠢ ᠲᠠᠨᠢᠨ᠂ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠳᠦᠷᠢᠮ ᠤᠨ ᠱᠠᠭᠠᠷᠳᠠᠯᠭ᠎ᠠ ᠶᠢ ᠡᠷᠡᠰ ᠵᠢᠷᠤᠮᠯᠠᠨ᠂ ᠬᠠᠮᠠᠭᠠᠯᠠᠬᠤ ᠪᠠ ᠳᠡᠯᠭᠡᠨ ᠦᠵᠡᠭᠦᠯᠬᠦ ᠶᠢ ᠠᠳᠠᠯᠢᠬᠠᠨ ᠴᠢᠬᠤᠯᠠᠴᠢᠯᠠᠬᠤ ᠵᠠᠷᠴᠢᠮ ᠢᠶᠠᠷ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃      ᠲᠤᠰ ᠡᠳᠦᠷ᠂ ᠸᠠᠩ ᠯᠢ ᠰᠢᠶᠠ ᠨᠠᠷ ᠤᠷᠢᠳ ᠬᠤᠵᠢᠳ ᠴᠠᠭᠠᠨ ᠰᠤᠪᠤᠷᠭ᠎ᠠ ᠪᠠ ᠰᠦᠢ ᠶᠤᠸᠠᠨ ᠬᠤᠲᠠ ᠶᠢᠨ ᠬᠤᠲᠠ ᠶᠢᠨ ᠬᠡᠷᠡᠮ ᠳᠤ ᠬᠦᠷᠴᠦ᠂ ᠮᠠᠨ ᠤ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠣᠳᠣᠬᠢ ᠪᠠᠶᠢᠳᠠᠯ ᠵᠢᠴᠢ ᠬᠠᠮᠠᠭᠠᠯᠠᠨ ᠠᠷᠠᠴᠢᠯᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ  ᠣᠶᠢᠯᠠᠭᠠᠪᠠ᠃ ᠲᠡᠷᠡ ᠬᠡᠯᠡᠬᠦ ᠳᠡᠭᠡᠨ᠂ ᠲᠡᠦᠬᠡ ᠶᠢᠨ ᠳᠤᠷᠠᠰᠬᠠᠯᠲᠤ ᠵᠦᠢᠯᠡᠰ ᠨᠢ ᠭᠡᠷᠡᠯ ᠰᠠᠴᠤᠷᠠᠩᠭᠤᠢ ᠪᠣᠯᠪᠠᠰᠤᠨ ᠢ ᠠᠴᠢᠵᠤ ᠲᠡᠦᠬᠡ ᠰᠣᠶᠣᠯ ᠢ ᠤᠯᠠᠮᠵᠢᠯᠠᠨ᠂ ᠨᠡᠶᠢᠭᠡᠮ ᠵᠢᠷᠤᠮ ᠤᠨ ᠣᠶᠣᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠰᠢᠮ᠎ᠡ ᠲᠡᠵᠢᠭᠡᠯ ᠮᠥᠨ᠂ ᠲᠡᠦᠬᠡ ᠶᠢᠨ ᠰᠣᠶᠣᠯ ᠤᠨ ᠥᠪ ᠬᠥᠷᠥᠩᠭᠡ ᠶᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠠᠰᠢᠭᠯᠠᠬᠤ ᠨᠢ ᠳᠤᠮᠳᠠᠳᠤ ᠶᠢᠨ ᠪᠣᠯᠪᠠᠰᠤᠨ ᠢ ᠬᠠᠷᠠᠭᠤᠯᠵᠤ᠂ ᠰᠣᠶᠣᠯ ᠤᠨ ᠢᠲᠡᠭᠡᠯ ᠢ ᠳᠡᠭᠡᠭᠰᠢᠯᠡᠭᠦᠯᠬᠦ ᠳᠤ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ ᠭᠡᠪᠡ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠬᠥᠬᠡᠬᠤᠲᠠ ᠨᠢ ᠤᠯᠤᠰ ᠤᠨ ᠲᠡᠦᠬᠡ ᠰᠣᠶᠣᠯ ᠤᠨ ᠨᠡᠷᠡᠲᠦ ᠬᠤᠲᠠ ᠪᠣᠯᠣᠭᠰᠠᠨ ᠤ ᠬᠤᠪᠢ ᠳᠤ᠂  ᠰᠣᠶᠣᠯ ᠤᠨ ᠥᠪ ᠵᠤᠵᠠᠭᠠᠨ  ᠂ ᠲᠡᠦᠬᠡ ᠶᠢᠨ ᠳᠤᠷᠠᠰᠬᠠᠯᠲᠤ ᠵᠦᠢᠯᠡᠰ ᠤᠯᠠᠨ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠡᠦᠬᠡ ᠶᠢᠨ ᠳᠤᠷᠠᠰᠬᠠᠯᠲᠤ ᠵᠦᠢᠯᠡᠰ ᠢ ᠪᠢᠰᠢᠷᠡᠨ ᠬᠦᠨᠳᠦᠳᠬᠡᠬᠦ ᠰᠡᠳᠬᠢᠯᠭᠡ ᠪᠠᠷ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠰᠡᠯᠪᠢᠨ ᠵᠠᠰᠠᠬᠤ ᠬᠦᠴᠦᠯᠡᠴᠡ ᠪᠠᠨ ᠦᠨᠡᠨ ᠬᠦ  ᠴᠢᠩᠭᠠᠳᠬᠠᠵᠤ᠂ ᠲᠡᠭᠦᠨ ᠤ ᠡᠯᠪᠡᠭ ᠪᠠᠶᠠᠯᠢᠭ ᠰᠣᠶᠣᠯ ᠤᠨ ᠠᠭᠤᠯᠬᠤᠨ ᠢ ᠭᠦᠨᠵᠡᠭᠡᠢ ᠠᠭᠤᠳᠠᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠢ  ᠬᠠᠮᠠᠭᠠᠯᠠᠬᠤ ᠠᠰᠢᠭᠯᠠᠬᠤ ᠬᠠᠤᠯᠢ ᠴᠠᠭᠠᠵᠠ ᠳᠦᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠷ᠎ᠡ ᠪᠦᠲᠦᠮᠵᠢ ᠪᠠᠷ ᠠᠷᠠᠳ ᠣᠯᠠᠨ ᠲᠦᠮᠡᠨ ᠳᠤ ᠨᠡᠩ  ᠶᠡᠭᠡ ᠠᠰᠢᠭ ᠬᠦᠷᠲᠡᠭᠡᠬᠦ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠨᠠᠷᠢᠨ ᠬᠢᠨᠠᠮᠠᠭᠠᠢ ᠡᠮᠬᠢᠯᠡᠨ ᠪᠦᠷᠢᠳᠬᠡᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠪᠤᠰᠤᠳ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠪᠠ ᠠᠷᠭ᠎ᠠ ᠶᠢ ᠰᠤᠷᠤᠯᠴᠠᠨ ᠲᠣᠯᠢᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠰᠡᠷᠭᠦᠭᠡᠨ ᠵᠠᠰᠠᠬᠤ᠂ ᠡᠮᠬᠢᠯᠡᠬᠦ᠂ ᠳᠡᠯᠭᠡᠨ ᠦᠵᠡᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠡᠦᠬᠡ ᠶᠢᠨ ᠳᠤᠷᠠᠰᠬᠠᠯᠲᠤ  ᠵᠦᠢᠯᠡᠰ ᠤᠨ ᠦᠨ᠎ᠡ ᠥᠷᠲᠡᠭ ᠢ ᠤᠯᠠᠮᠵᠢᠯᠠᠨ ᠳᠡᠯᠭᠡᠷᠡᠭᠦᠯᠬᠦ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠡᠦᠬᠡ ᠶᠢᠨ ᠳᠤᠷᠠᠰᠬᠠᠯᠲᠤ  ᠵᠦᠢᠯᠡᠰ ᠤᠨ ᠦᠵᠡᠭᠦᠯᠭᠡ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ᠂ ᠣᠯᠠᠨ ᠲᠦᠮᠡᠨ ᠳᠤ ᠬᠦᠷᠭᠡᠬᠦ ᠶᠢ ᠲᠦᠯᠬᠢᠨ ᠠᠬᠢᠭᠤᠯᠵᠤ᠂ ᠲᠡᠦᠬᠡ ᠶᠢᠨ ᠳᠤᠷᠠᠰᠬᠠᠯᠲᠤ  ᠵᠦᠢᠯᠡᠰ ᠤᠨ ᠠᠷᠤ ᠳᠠᠬᠢ ᠲᠡᠦᠬᠡ ᠶᠢ ᠦᠨᠡᠨ ᠬᠦ ᠰᠠᠶᠢᠬᠠᠨ ᠲᠠᠶᠢᠯᠪᠤᠷᠢᠯᠠᠨ᠂ ᠴᠡᠯᠡᠭᠡᠷ ᠲᠠᠯ᠎ᠠ ᠶᠢᠨ ᠰᠣᠶᠣᠯ ᠢ ᠨᠡᠩ ᠰᠠᠶᠢᠨ ᠤᠯᠠᠮᠵᠢᠯᠠᠨ ᠪᠠᠳᠠᠷᠠᠭᠤᠯᠵᠤ᠂ ᠰᠢᠯᠢᠳᠡᠭ ᠰᠠᠶᠢᠨ ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠨᠥᠯᠥᠭᠡᠯᠡᠬᠦ ᠬᠦᠴᠦᠨ ᠢ ᠦᠨᠡᠨ ᠬᠦ ᠨᠡᠮᠡᠭᠳᠡᠭᠦᠯᠬᠦ ᠬᠡᠷᠡᠭᠲᠡᠢ ᠭᠡᠪᠡ᠃      ᠬᠥᠬᠡᠬᠤᠲᠠ ᠶᠢᠨ ᠭᠤᠷᠪᠠᠳᠠᠭᠢ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠲᠡᠮ ᠪᠠᠶᠢᠴᠠᠭᠠᠯᠲᠠ ᠶᠢᠨ ᠲᠤᠭ᠎ᠠ ᠪᠦᠷᠢᠳᠬᠡᠯ ᠢ ᠦᠨᠳᠦᠰᠦᠯᠡᠪᠡᠯ᠂ ᠪᠦᠬᠦ ᠬᠤᠲᠠ ᠳᠤ ᠣᠳᠣ ᠪᠠᠶᠢᠭ᠎ᠠ ᠬᠥᠳᠡᠯᠵᠦ ᠪᠣᠯᠬᠤ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ 1533᠂ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ 21᠂ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ 59 ᠪᠠᠶᠢᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠡᠳᠡᠭᠳᠡᠯ ᠳᠤ ᠡᠷᠲᠡᠨ ᠤ ᠪᠠᠭᠤᠷᠢ᠂ ᠡᠷᠲᠡᠨ ᠤ ᠣᠩᠭᠤᠨ ᠪᠤᠯᠠᠰᠢ᠂ ᠡᠷᠲᠡᠨ ᠤ ᠪᠠᠷᠢᠯᠭ᠎ᠠ᠂ ᠣᠷᠴᠢᠨ ᠣᠳᠣ ᠦᠶ᠎ᠡ ᠶᠢᠨ ᠲᠥᠯᠥᠭᠡᠯᠡᠬᠦ ᠴᠢᠨᠠᠷᠲᠠᠢ ᠪᠠᠷᠢᠯᠭ᠎ᠠ᠂ ᠬᠠᠳᠠᠨ ᠵᠢᠷᠤᠭ ᠬᠠᠳᠠᠨ ᠰᠡᠶᠢᠯᠦᠮᠡᠯ ᠪᠠ ᠴᠢᠬᠤᠯᠠ ᠲᠡᠦᠬᠡᠨ ᠦᠯᠡᠳᠡᠭᠳᠡᠯ ᠵᠡᠷᠭᠡ ᠶᠢ ᠪᠠᠭᠲᠠᠭᠠᠵᠤ ᠪᠣᠢ᠂ ᠮᠠᠨ ᠤ ᠬᠤᠲᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠠᠩᠬ᠎ᠠ ᠠᠯᠬᠤᠮ ᠬᠤᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠂ ᠰᠠᠭᠤᠷᠢ  ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠭᠠᠵᠠᠷ ᠰᠢᠷᠤᠢ ᠶᠢ ᠠᠰᠢᠭᠯᠠᠬᠤ ᠲᠥᠯᠥᠪᠵᠢᠭᠦᠯᠭᠡ ᠵᠡᠷᠭᠡ ᠲᠠᠢ ︽ᠣᠯᠠᠨ ᠲᠥᠯᠥᠪᠵᠢᠭᠦᠯᠭᠡ ᠶᠢ ᠨᠢᠭᠡᠳᠦᠭᠦᠯᠪᠡ︾᠃      ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ ᠤᠳᠤᠷᠢᠳᠤᠯᠭ᠎ᠠ ᠯᠢᠦ ᠴᠢ ᠹᠠᠨ᠂ ᠦ᠋ ᠸᠧᠨ ᠮᠢᠩ ᠂ ᠴᠢᠶᠥᠥ ᠶᠦᠨ ᠯᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号