ᠬᠦᠬᠡᠬᠤᠲᠠ ᠵᠢᠨ ᠬᠤᠪᠢᠰᠬᠠᠯ ᠤᠨ ᠲᠡᠦᠭᠡ ︵ᠭᠤᠷᠪᠠ︶ ᠡᠵᠡᠷᠭᠡᠭ ᠲᠠᠶᠢᠰᠤᠨ ᠬᠤᠷᠤᠰᠤᠯ ᠢ ᠲᠡᠭᠳᠡᠭᠡᠵᠦ ᠡᠷᠡᠯᠬᠡᠭᠯᠡᠨ ᠪᠤᠰᠴᠤ ᠡᠰᠡᠷᠭᠦᠴᠡᠭᠰᠡᠨ ᠨᠢ1
ᠨᠡᠶᠢᠲᠡᠯᠡᠭᠰᠡᠨ ᠴᠠᠭ᠄
2020-06-24
     1937 ᠣᠨ ᠤ ︽ᠲᠤᠯᠤᠭᠠᠨ ᠰᠠᠷ᠎ᠠ ᠵᠢᠨ ᠲᠤᠯᠤᠭᠠᠨ︾ ᠤ ᠬᠡᠷᠡᠭ ᠬᠤᠪᠢᠰᠤᠯ ᠤᠨ ᠳᠠᠷᠠᠭ᠎ᠠ᠂ ᠬᠦᠬᠡᠬᠤᠲᠠ ᠤᠷᠤᠨ ᠳᠤ ᠶᠠᠫᠤᠨ ᠢ ᠡᠰᠡᠷᠭᠦᠴᠡᠵᠦ ᠮᠦᠬᠦᠯ ᠡᠴᠡ ᠠᠪᠤᠷᠠᠬᠤ ᠲᠡᠮᠡᠴᠡᠯ ᠦᠳᠲᠡᠷ ᠦᠷᠨᠢᠵᠦ᠂ ᠯᠢᠦ ᠬᠤᠩ ᠰᠢᠶᠦ᠋ᠩ᠂ ᠭᠤᠤ  ᠹᠧᠩ ᠶᠢᠩ ᠵᠡᠷᠭᠡ ᠮᠤᠩᠭᠤᠯ ᠬᠢᠲᠠᠳ ᠦᠨᠳᠦᠰᠦᠳᠡᠨ ᠦ ᠡᠪ ᠬᠠᠮᠳᠤ ᠨᠠᠮ ᠤᠨ ᠬᠦᠮᠦᠰ ᠢᠳᠡᠪᠬᠢᠳᠡᠢ ᠬᠦᠳᠡᠯᠦᠯᠴᠡᠨ ᠶᠠᠫᠤᠨ ᠢ ᠡᠰᠡᠷᠭᠦᠴᠡᠵᠦ ᠮᠦᠬᠦᠯ ᠡᠴᠡ ᠠᠪᠤᠷᠠᠬᠤ ᠬᠦᠳᠡᠯᠭᠡᠭᠡᠨ ᠥᠷᠨᠢᠭᠦᠯᠦᠨ᠂ ᠶᠠᠫᠤᠨ ᠢ ᠡᠰᠡᠷᠭᠦᠴᠡᠬᠦ  ᠵᠡᠪᠰᠡᠭᠳᠦ ᠬᠦᠴᠦᠨ ᠢ ᠵᠤᠬᠢᠶᠠᠨ ᠪᠠᠶᠢᠭᠤᠯᠵᠤ᠂ ᠵᠡᠪᠰᠡᠭᠳᠦ ᠬᠦᠴᠦᠨ ᠵᠶᠡᠷ ᠶᠠᠫᠤᠨ ᠢ ᠡᠰᠡᠷᠬᠦᠴᠡᠬᠦ ᠲᠡᠮᠡᠴᠡᠯ ᠥᠷᠨᠢᠬᠦᠯᠵᠦ ᠪᠠᠶᠢᠪᠠ᠃      ᠡᠭᠦᠨ ᠳ᠋ᠦ ᠮᠤᠩᠭᠤᠯ ᠬᠢᠲᠠᠳ ᠤᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠵᠢ ᠵᠠᠪᠠᠯ ᠲᠤᠷᠠᠳᠬᠤ ᠶᠤᠰᠤᠳᠠᠢ᠃ ᠡᠨᠡᠬᠦ ᠵᠡᠪᠰᠡᠭᠳᠦ ᠠᠩᠭᠢ ᠨᠢ ᠶᠠᠫᠤᠨ ᠲᠡᠭᠡᠷᠡᠮ ᠦᠨ ᠨᠤᠶᠠᠷᠬᠠᠵᠤ ᠪᠠᠶᠢᠭᠰᠠᠨ ᠦᠪᠦᠷ ᠮᠤᠩᠭᠤᠯ ᠤᠨ ᠪᠠᠷᠠᠭᠤᠨ ᠤᠷᠤᠨ ᠤ ᠵᠢᠯᠤᠭᠤᠳᠬᠤ ᠲᠥᠪ ᠪᠣᠯᠬᠤ ᠬᠦᠬᠡᠬᠤᠲᠠ ᠤᠷᠤᠨ ᠳᠤ ᠮᠤᠩᠭᠤᠯ ᠬᠢᠲᠠᠳ ᠡᠯ᠎ᠡ ᠦᠨᠳᠦᠰᠦᠳᠡᠨ ᠦ ᠠᠷᠠᠳ ᠲᠦᠮᠡᠨ ᠳᠦ ᠲᠦᠰᠢᠭᠯᠡᠨ ᠶᠠᠫᠤᠨ ᠢ ᠡᠰᠡᠷᠭᠦᠴᠡᠬᠦ ᠲᠡᠮᠡᠴᠡᠯ ᠶᠠᠪᠤᠭᠤᠯᠵᠤ᠂ ᠠᠷᠠᠳ ᠤᠯᠠᠨ ᠤ ᠲᠤᠮᠳᠠ ᠵᠤᠬᠢᠬᠤ ᠨᠦᠯᠦᠭᠡᠯᠡᠬᠦ ᠬᠦᠴᠦᠨ ᠲᠠᠢ ᠪᠠᠶᠢᠵᠤ᠂ ᠠᠩᠬ᠎ᠠ ᠡᠬᠢᠨ ᠳ᠋ᠡᠭᠡᠨ ᠬᠡᠳᠦᠨ ᠠᠷᠪᠠᠨ ᠬᠦᠮᠦᠨ ᠲᠠᠢ ᠪᠠᠶᠢᠭᠰᠠᠨ ᠵᠶᠠᠨ ᠵᠠᠭᠤ ᠭᠠᠷᠤᠢ ᠬᠦᠮᠦᠨ ᠲᠠᠢ ᠶᠠᠫᠤᠨ ᠢ ᠡᠰᠡᠷᠭᠦᠴᠡᠬᠦ ᠮᠣᠷᠢᠳᠤ ᠴᠡᠷᠢᠭ ᠠᠩᠭᠢ ᠪᠣᠯᠣᠭᠰᠠᠨ ᠪᠠᠶᠢᠯ᠎ᠠ  ᠃      ᠶᠠᠫᠤᠨ ᠡᠵᠡᠷᠭᠡᠭ ᠲᠦᠷᠢᠮᠡᠬᠡᠶᠢᠳᠡᠨ ᠪᠠᠲᠤ ᠨᠤᠶᠠᠷᠬᠠᠭᠰᠠᠨ ᠬᠦᠬᠡᠬᠤᠲᠠ ᠤᠷᠤᠨ ᠳᠤ ᠡᠶᠢᠮᠦ ᠨᠢᠭᠡᠨ ᠵᠡᠷ ᠵᠡᠪᠰᠡᠭ ᠲᠦᠭᠦᠮ ᠪᠦᠳᠦᠭᠦᠯᠢᠭ᠂ ᠶᠠᠮᠠᠷ ᠴᠤ ᠪᠤᠯᠪᠠᠰᠤᠷᠠᠯ ᠬᠥᠷᠲᠡᠭᠰᠡᠨ ᠦᠭᠡᠢ ᠵᠠᠭᠤᠭᠠᠳ ᠬᠦᠮᠦᠨ ᠦ ᠫᠠᠷᠲ᠋ᠢᠽᠠᠨ ᠠᠩᠭᠢ ᠨᠢ ᠶᠡᠭᠡ ᠬᠡᠪᠴᠢᠶᠡᠨ ᠦ ᠪᠠᠶᠢᠯᠳᠤᠭᠠᠨ ᠬᠢᠬᠦ ᠪᠣᠯᠤᠯᠴᠠᠭ᠎ᠠ ᠦᠭᠡᠢ ᠶᠤᠮ᠂ ᠲᠡᠳᠡ ᠵᠦᠪᠭᠡᠨ ᠥᠪᠡᠷ ᠤᠨ ᠴᠢᠳᠠᠯ ᠤᠨ ᠵᠶᠡᠨ ᠬᠢᠷᠢ ᠪᠡᠷ᠂ ᠲᠣᠬᠢᠶᠠᠯ ᠢ ᠵᠠᠪᠳᠤᠵᠤ᠂ ᠪᠤᠳᠠᠳᠤ ᠬᠦᠴᠦᠨ ᠵᠶᠡᠨ ᠬᠠᠳᠠᠭᠠᠯᠠᠬᠤ ᠵᠠᠷᠴᠢᠮ ᠤᠨ ᠲᠤᠤᠷ᠎ᠠ᠂ ᠪᠠᠭ᠎ᠠ ᠬᠡᠪᠴᠢᠶᠠᠨ ᠤ ᠶᠠᠫᠤᠨ ᠢ ᠡᠰᠡᠷᠭᠦᠴᠡᠬᠦ ᠲᠡᠮᠡᠴᠡᠯ ᠶᠠᠪᠤᠭᠤᠯᠵᠤ ᠪᠠᠶᠢᠪᠠ᠃ ᠳᠡᠲᠡᠨ ᠦ ᠲᠡᠮᠡᠴᠡᠯ ᠨᠢ ᠲᠠᠶᠢᠰᠤᠨ ᠳᠤ ᠬᠦᠨᠳᠦ ᠶᠡᠭᠡ ᠴᠤᠬᠢᠯᠲᠠ ᠥᠭᠴᠥ ᠴᠢᠳᠠᠭᠰᠠᠨ ᠦᠭᠡᠢ ᠴᠤ ᠤᠯᠠᠨ ᠲᠦᠮᠡᠨ ᠦ ᠲᠤᠮᠳᠠ ᠶᠠᠫᠤᠨ ᠢ ᠡᠰᠡᠷᠬᠦᠴᠡᠬᠦ ᠨᠥᠯᠥᠭᠡ ᠭᠠᠷᠭᠠᠭᠰᠠᠨ ᠪᠦᠭᠡᠳ ᠠᠷᠠᠳ ᠤᠯᠠᠨ ᠤ ᠶᠠᠫᠤᠨ ᠢ ᠡᠰᠡᠷᠭᠦᠴᠡᠬᠦ ᠢᠲᠡᠭᠡᠯ ᠵᠣᠷᠢᠭ ᠢ ᠬᠥᠪᠴᠢᠯᠡᠵᠦ ᠴᠢᠳᠠᠭᠰᠠᠨ ᠶᠤᠮ᠃      ᠮᠤᠩᠭᠤᠯ ᠬᠢᠲᠠᠳ ᠤᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠨᠢ ᠵᠡᠪᠰᠡᠭᠳᠦ ᠬᠦᠴᠦᠨ ᠵᠶᠡᠷ ᠶᠠᠫᠤᠨ ᠢ ᠡᠰᠡᠷᠭᠦᠴᠡᠬᠦ ᠲᠤᠭ ᠢ ᠪᠣᠰᠬᠠᠵᠤ ᠴᠢᠳᠠᠭᠰᠠᠨ ᠵᠶᠠᠷ ᠪᠠᠷᠠᠬᠤ ᠦᠭᠡᠢ᠂ ᠬᠤᠷᠴᠠ ᠰᠢᠷᠦᠭᠦᠨ ᠨᠠᠷᠢᠨ ᠪᠣᠳᠤᠯᠢᠶᠠᠳᠠᠢ ᠤᠯᠤᠰ ᠲᠥᠷᠥ ᠵᠢᠨ ᠲᠡᠮᠡᠴᠡᠯ ᠲᠤᠮᠳᠠ ᠰᠢᠯᠭᠠᠯᠳᠠ ᠵᠢ ᠳᠠᠭᠠᠭᠠᠵᠤ᠂ ᠵᠥᠪ ᠤᠯᠤᠰ ᠲᠥᠷᠥ ᠵᠢᠨ ᠴᠢᠭᠯᠡᠯ ᠢ ᠪᠠᠷᠢᠮᠳᠠᠯᠠᠭᠰᠠᠨ ᠨᠢ ᠨᠡᠩ ᠴᠤ ᠮᠠᠭᠳᠠᠭᠤᠰᠢᠳᠠᠢ᠃ ᠶᠠᠫᠤᠨ ᠡᠵᠡᠷᠭᠡᠭ ᠲᠦᠷᠢᠮᠡᠬᠡᠶᠢᠳᠡᠨ ᠬᠦᠬᠡᠬᠤᠲᠠ ᠵᠢ ᠡᠵᠡᠯᠡᠭᠰᠡᠨ ᠦ ᠲᠠᠷᠠᠭ᠎ᠠ ︽ᠮᠤᠩᠭᠤᠯ ᠢ ᠰᠡᠷᠭᠦᠨ ᠮᠠᠨᠳᠤᠭᠤᠯᠬᠤ︾ ︽ᠬᠢᠲᠠᠳ ᠢ ᠲᠠᠷᠤᠵᠤ ᠮᠤᠩᠭᠤᠯ ᠢ ᠮᠠᠨᠳᠤᠭᠤᠯᠬᠤ︾ ᠵᠡᠷᠭᠡ ᠲᠤᠭ ᠢ ᠡᠷᠬᠦᠵᠦ᠂ ᠬᠢᠲᠠᠳ ᠮᠤᠩᠭᠤᠯ ᠥᠨᠳᠥᠰᠥᠳᠡᠨ ᠦ ᠬᠠᠷᠢᠴᠠᠭ᠎ᠠ ᠵᠢ ᠵᠠᠪᠰᠠᠷᠳᠠᠭᠤᠯᠤᠨ᠂ ᠮᠤᠩᠭᠤᠯ ᠬᠢᠲᠠᠳ ᠡᠯ᠎ᠡ ᠦᠨᠳᠦᠰᠦᠳᠡᠨ ᠦ ᠠᠷᠠᠳ ᠲᠦᠮᠡᠨ ᠤ ᠪᠦᠯᠬᠦᠮᠳᠡᠨ ᠨᠢᠭᠲᠠᠷᠠᠵᠤ ᠶᠠᠫᠤᠨ ᠢ ᠡᠰᠡᠷᠬᠦᠴᠡᠬᠦ ᠬᠦᠴᠦᠨ ᠢ ᠵᠠᠳᠠᠷᠠᠭᠤᠯᠬᠤ ᠪᠡᠷ ᠤᠷᠤᠯᠳᠤᠵᠠᠢ᠃ ᠶᠠᠫᠤᠨ ᠡᠵᠡᠷᠭᠡᠭ ᠲᠦᠷᠢᠮᠡᠬᠡᠶᠢᠳᠡᠨ ᠦ ᠡᠳᠡᠭᠡᠷ ᠠᠵᠢᠯᠯᠠᠭ᠎ᠠ ᠨᠢ ᠮᠣᠩᠭᠤᠯ ᠬᠢᠲᠠᠳ ᠡᠯ᠎ᠡ ᠥᠨᠳᠥᠰᠥᠳᠡᠨ ᠦ ᠤᠯᠠᠨ ᠲᠦᠮᠡᠨ ᠦ ᠲᠤᠮᠳᠠ ᠵᠣᠬᠢᠬᠤ ᠨᠥᠯᠥᠭᠡ ᠭᠠᠷᠭᠠᠵᠤ᠂ ᠮᠤᠩᠭᠤᠯ ᠬᠢᠲᠠᠳ ᠤᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠵᠢᠨ ᠲᠤᠳᠤᠭᠠᠳᠤ ᠳᠤ ᠴᠤ ᠬᠡᠯᠪᠡᠯᠵᠡᠯᠲᠡ ᠭᠠᠷᠴᠤ᠂ ᠫᠠᠷᠲ᠋ᠢᠽᠠᠨ ᠠᠩᠭᠢ ᠵᠢᠨ ᠮᠤᠩᠭᠤᠯ ᠪᠠᠶᠢᠯᠳᠤᠭᠴᠢᠳ ᠬᠠᠭᠤᠷᠮᠠᠭ ︽ᠮᠤᠩᠭᠤᠯ ᠤᠨ ᠬᠠᠮᠳᠤᠷᠠᠭᠰᠠᠨ ᠥᠪᠡᠷᠲᠡᠭᠡᠨ ᠵᠠᠰᠠᠬᠤ ᠵᠠᠰᠠᠭ ᠤᠨ ᠭᠠᠵᠠᠷ︾ ᠨᠢ ᠮᠣᠩᠭᠤᠯ ᠬᠦᠮᠦᠨ ᠦ ᠵᠠᠰᠠᠭ ᠤᠨ ᠣᠷᠳᠤᠨ᠂ ᠶᠠᠫᠤᠨ ᠬᠦᠮᠦᠨ ᠮᠤᠩᠭᠤᠯ ᠬᠦᠮᠦᠨ ᠳᠦ ᠲᠤᠰᠠ ᠪᠤᠯᠤᠨ᠎ᠠ ᠭᠡᠵᠦ ᠪᠤᠷᠤᠭᠤ ᠤᠶᠢᠯᠠᠭᠠᠵᠤ ᠪᠠᠶᠢᠵᠠᠢ᠃ ᠶᠠᠭ ᠡᠨᠡᠬᠦ ᠵᠠᠩᠭᠢᠯᠠᠭ᠎ᠠ ᠵᠢᠨ ᠥᠶ᠎ᠡ ᠳᠦ ᠫᠠᠷᠲ᠋ᠢᠽᠠᠨ ᠠᠩᠭᠢ ᠵᠢᠨ ᠮᠤᠩᠭᠤᠯ ᠦᠨᠳᠦᠰᠦᠳᠡᠨ ᠦ ᠤᠳᠤᠷᠢᠳᠤᠭᠴᠢ ᠭᠤᠤ ᠹᠧᠩ ᠶᠢᠩ ᠥᠪᠡᠷ ᠦᠨ ᠵᠶᠡᠨ ᠥᠩᠭᠡᠷᠡᠯᠲᠡ ᠪᠡᠷ ᠮᠤᠩᠭᠤᠯ ᠬᠢᠲᠠᠳ ᠠᠷᠠᠳ ᠲᠦᠮᠡᠨ ‍ᠤ ᠡᠵᠡᠷᠭᠡᠭ ᠲᠥᠷᠢᠮᠡᠬᠡᠢ ᠶᠣᠰᠤ᠂ ᠹᠸᠤᠳᠠᠯ ᠶᠤᠰᠤᠨ ᠤ ᠲᠠᠷᠤᠯᠠᠯ ᠮᠦᠯᠵᠢᠯ ᠳᠤ ᠤᠴᠠᠷᠠᠭᠰᠠᠨ ᠬᠠᠮᠳᠤ ᠵᠢᠨ ᠬᠤᠪᠢ ᠲᠠᠪᠢᠯᠠᠩ ᠢ ᠪᠠᠶᠢᠯᠳᠤᠭᠴᠢᠳ ᠲᠠᠭᠠᠨ ᠶᠠᠷᠢᠵᠤ᠂ ᠦᠩᠭᠡᠷᠡᠭᠰᠡᠨ ᠦ ᠲᠡᠦᠭᠡ ᠪᠠ ᠤᠳᠤᠬᠠᠨ ᠤ ᠪᠠᠶᠢᠳᠠᠯ ᠢ ᠬᠠᠷᠢᠴᠠᠭᠤᠯᠬᠤ ᠪᠡᠷ ᠳᠠᠮᠵᠢᠭᠤᠯᠤᠨ ᠶᠠᠫᠤᠨ ᠡᠵᠡᠷᠭᠡᠭ ᠲᠦᠷᠢᠮᠡᠬᠡᠶᠢᠳᠡᠨ ᠦ ᠬᠤᠳᠠᠯ ᠬᠠᠭᠤᠷᠮᠠᠭ ᠣᠪ ᠮᠡᠭᠡ᠂ ︽ᠮᠠᠨᠵᠤ ᠮᠤᠩᠭᠤᠯ ᠤᠨ ᠲᠥᠷᠥ ᠵᠢᠨ ᠪᠤᠳᠤᠯᠭ᠎ᠠ︾ ᠪᠠ ᠡᠯᠳᠡᠪ ᠵᠦᠢᠯ ᠦᠨ ᠮᠡᠬᠡᠯᠡᠯ ᠦᠨ ᠰᠤᠷᠳᠠᠯᠴᠢᠯᠠᠭ᠎ᠠ ᠤᠬᠠᠭᠤᠯᠭ᠎ᠠ ᠵᠢ ᠢᠯᠡᠴᠢᠯᠡᠵᠦ᠂ ᠶᠠᠫᠤᠨ ᠲᠡᠭᠡᠷᠡᠮ ᠦᠨ ᠲᠡᠳᠬᠦᠵᠦ  ᠪᠠᠶᠢᠭ᠎ᠠ ︽ᠮᠤᠩᠭᠤᠯ ᠬᠢᠵᠠᠭᠠᠷ ᠤᠨ ᠵᠠᠰᠠᠭ ᠤᠨ ᠭᠠᠵᠠᠷ︾ ᠨᠢ ᠦᠪᠦᠷ ᠮᠤᠩᠭᠤᠯ ᠢ ᠵᠠᠯᠬᠢᠵᠤ᠂ ᠲᠤᠮᠳᠠᠳᠤ ᠤᠯᠤᠰ ᠢ ᠰᠠᠯᠭᠠᠬᠤ ᠵᠢ ᠲᠦᠯᠦᠭᠡ ᠶᠤᠮ᠂ ᠬᠠᠷᠢᠨ ᠮᠤᠩᠭᠤᠯ ᠥᠨᠳᠦᠰᠦᠳᠡᠨ ᠢ ᠴᠢᠯᠦᠭᠡᠯᠡᠬᠦ ᠵᠢᠨ ᠲᠦᠯᠦᠭᠡ ᠪᠢᠰᠢ ᠭᠡᠳᠡᠭ ᠢ ᠲᠠᠶᠢᠯᠪᠤᠷᠢᠯᠠᠵᠤ ᠥᠭᠴᠡᠢ᠃ ᠲᠡᠷᠡ ᠪᠠᠰᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠨᠳᠦᠰᠦᠳᠡᠨ ᠨᠤᠭᠦᠳ ᠡᠷᠬᠡ ᠲᠡᠭᠰᠢ ᠲᠥᠷᠥ ᠵᠢᠨ ᠪᠣᠳᠤᠯᠭ᠎ᠠ ᠵᠢ ᠤᠬᠠᠭᠤᠯᠵᠤ᠂ ᠲᠤᠮᠳᠠᠳᠤ ᠤᠯᠤᠰ ᠤᠨ ᠡᠪ ᠬᠠᠮᠳᠤ ᠨᠠᠮ ᠪᠣᠯ ᠡᠯ᠎ᠡ ᠥᠨᠳᠥᠰᠥᠳᠡᠨ ᠦ ᠠᠷᠠᠳ ᠲᠦᠮᠡᠨ ᠦ ᠴᠢᠯᠦᠭᠡᠯᠡᠯᠲᠡ ᠵᠢᠨ ᠲᠡᠮᠡᠴᠡᠯ ᠦᠨ ᠤᠳᠤᠷᠢᠳᠤᠭᠴᠢ᠂ ᠮᠤᠩᠭᠤᠯ ᠬᠢᠲᠠᠳ ᠡᠯ᠎ᠡ ᠦᠨᠳᠦᠰᠦᠳᠡᠨ ᠦ ᠠᠷᠠᠳ ᠲᠦᠮᠡᠨ ᠨᠢᠭᠲᠠᠷᠠᠨ ᠪᠦᠯᠬᠦᠮᠳᠡᠵᠦ᠂ ᠬᠠᠮᠳᠤᠪᠡᠷ ᠶᠠᠫᠤᠨ ᠢ ᠡᠰᠡᠷᠭᠦᠴᠡᠪᠡᠯ ᠰᠠᠶ᠋ᠢ ᠴᠢᠯᠦᠭᠡᠯᠡᠯᠲᠡ ᠪᠠᠨ ᠣᠯᠵᠤ ᠴᠢᠳᠠᠨ᠎ᠠ ᠭᠡᠪᠡ᠃ ᠬᠠᠲᠠᠭᠤ ᠪᠡᠷᠭᠡ ᠪᠦᠭᠡᠳ ᠨᠠᠷᠢᠨ ᠨᠢᠭᠲᠠ ᠤᠯᠤᠰ ᠲᠥᠷᠥ ᠵᠢᠨ ᠠᠵᠢᠯ ᠵᠶᠠᠷ ᠲᠠᠮᠵᠢᠭᠤᠯᠤᠨ᠂ ᠮᠤᠩᠭᠤᠯ ᠬᠢᠲᠠᠳ ᠪᠠᠶᠢᠯᠳᠤᠭᠴᠢᠳ ᠤᠨ ᠲᠠᠨᠢᠯᠲᠠ ᠵᠢ ᠲᠡᠭᠡᠭᠰᠢᠯᠡᠬᠦᠯᠵᠦ᠂ ᠪᠦᠯᠬᠦᠮᠳᠡᠯ ᠢ ᠴᠢᠩᠭᠠᠳᠬᠠᠨ᠂ ᠫᠠᠷᠲ᠋ᠢᠽᠠᠨ ᠠᠩᠭᠢ ᠵᠢ ᠪᠠᠳᠤᠳᠬᠠᠵᠤ᠂ ᠤᠯᠤᠰ ᠲᠥᠷᠥ ᠵᠢᠨ ᠬᠡᠪ ᠰᠤᠷᠳᠠᠯ ᠢ ᠨᠢ ᠲᠡᠭᠡᠭᠰᠢᠯᠡᠬᠦᠯᠵᠡᠢ᠃ ᠡᠨᠡ ᠨᠢ ᠮᠤᠩᠭᠤᠯ ᠬᠢᠲᠠᠳ ᠤᠨ ᠫᠠᠷᠲ᠋ᠢᠽᠠᠨ ᠠᠩᠭᠢ ᠵᠢᠨ ᠨᠡᠩ ᠴᠢᠨᠠᠭᠰᠢᠳᠠ ᠬᠦᠭᠵᠢᠨ ᠪᠤᠵᠠᠭᠠᠶᠢᠷᠠᠬᠤ ᠴᠢᠬᠤᠯᠠ ᠪᠠᠳᠤᠯᠠᠭ᠎ᠠ ᠪᠤᠯᠤᠭᠰᠠᠨ ᠪᠠᠶᠢᠨ᠎ᠠ᠃      ᠮᠤᠩᠭᠤᠯ ᠬᠢᠲᠠᠳ ᠤᠨ ᠶᠠᠫᠤᠨ ᠢ ᠡᠰᠡᠷᠭᠦᠴᠡᠬᠦ  ᠫᠠᠷᠲ᠋ᠢᠽᠠᠨ ᠠᠩᠭᠢ ᠨᠢ ᠶᠠᠫᠤᠨ ᠢ ᠡᠰᠡᠷᠭᠦᠴᠡᠬᠦ ᠤᠷᠤᠨ ᠨᠤᠲᠤᠭ ᠤᠨ ᠵᠡᠪᠰᠡᠭᠲᠦ ᠬᠦᠴᠦᠨ ᠮᠦᠨ᠃  ᠫᠠᠷᠲ᠋ᠢᠽᠠᠨ ᠠᠩᠭᠢ ᠨᠢ ᠲᠤᠮᠤ ᠬᠡᠪᠴᠢᠶᠡᠨ ᠦ ᠪᠠᠶᠢᠯᠳᠤᠭᠠᠨ ᠬᠢᠬᠦ ᠨᠦᠬᠦᠴᠡᠯ ᠦᠭᠡᠢ᠂ ᠲᠠᠶᠢᠰᠤᠨ ᠳᠤ ᠬᠦᠨᠳᠦ ᠴᠤᠬᠢᠯᠲᠠ ᠦᠭᠴᠦ ᠴᠢᠳᠠᠬᠤ ᠦᠭᠡᠢ ᠴᠤ ᠲᠡᠭᠦᠨ ᠦ ᠪᠤᠢ ᠪᠤᠯᠤᠭᠰᠠᠨ᠂ ᠬᠦᠭᠵᠢᠨ ᠪᠤᠵᠠᠭᠠᠶᠢᠷᠠᠭᠰᠠᠨ ᠵᠢᠴᠢ ᠡᠴᠦᠰ ᠦᠨ ᠢᠯᠠᠯᠲᠠ ᠳᠤ ᠬᠦᠷᠳᠡᠯ᠎ᠡ ᠤᠷᠤᠰᠢᠨ ᠦᠯᠡᠳᠡᠭᠰᠡᠨ ᠨᠢ ᠲᠠᠷᠤᠢ ᠲᠡᠭᠦᠨ ᠦ ᠠᠮᠵᠢᠯᠳᠠ ᠪᠣᠯᠬᠤ ᠶᠤᠮ᠃ ᠭᠤᠮᠢᠨᠳᠠᠩ ᠤᠨ ᠴᠡᠷᠢᠭ ᠢᠯᠠᠭᠳᠠᠨ ᠤᠬᠤᠷᠢᠵᠤ᠂ ᠶᠠᠫᠤᠨ ᠲᠡᠭᠡᠷᠡᠮ ᠦᠨ ᠨᠤᠶᠠᠷᠬᠠᠯ  ᠪᠠᠳᠤᠵᠢᠭᠰᠠᠨ ᠲᠠᠶᠢᠰᠤᠨ ᠤ ᠠᠷᠤ ᠲᠠᠯ᠎ᠠ ᠳᠤ᠂ ᠡᠪ ᠬᠠᠮᠳᠤ ᠨᠠᠮ ᠮᠤᠩᠭᠤᠯ ᠬᠢᠲᠠᠳ ᠡᠯ᠎ᠡ ᠥᠨᠳᠥᠰᠥᠳᠡᠨ ᠦ ᠠᠷᠠᠳ ᠲᠦᠮᠡᠨ ᠢ ᠤᠳᠤᠷᠢᠳᠤᠨ ᠲᠠᠭᠠᠭᠤᠯᠵᠤ ᠶᠠᠫᠤᠨ ᠢ ᠡᠰᠡᠷᠬᠦᠴᠡᠬᠦ ᠵᠡᠪᠰᠡᠭᠳᠦ ᠬᠦᠴᠦᠨ ᠢ ᠳᠠᠶᠢᠴᠢᠯᠠᠭᠰᠠᠨ ᠨᠢ ᠲᠤᠮᠳᠠᠳᠤ ᠤᠯᠤᠰ ᠤᠨ ᠡᠪ ᠬᠠᠮᠳᠤ ᠨᠠᠮ ᠪᠣᠯ ᠰᠠᠶ᠋ᠢ ᠵᠢᠩᠭᠢᠨᠢ ᠶᠠᠫᠤᠨ ᠢ ᠡᠰᠡᠷᠭᠦᠴᠡᠬᠦ ᠤᠳᠤᠷᠢᠳᠤᠭᠴᠢ ᠮᠦᠨ ᠭᠡᠳᠡᠭ ᠢ ᠬᠠᠷᠠᠭᠤᠯᠵᠠᠢ᠃ ᠮᠤᠩᠭᠤᠯ ᠬᠢᠲᠠᠳ ᠤᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠵᠢᠨ ᠪᠣᠢ ᠪᠤᠯᠤᠭᠰᠠᠨ ᠨᠢ ᠲᠣᠮᠳᠠᠳᠤ ᠤᠯᠤᠰ ᠤᠨ ᠡᠪ ᠬᠠᠮᠳᠤ ᠨᠠᠮ ᠤᠨ ︽ᠮᠤᠩᠭᠤᠯ ᠬᠢᠲᠠᠳ ᠬᠤᠯᠪᠤᠭᠠᠯᠠᠨ ᠂ ᠬᠠᠮᠳᠤᠪᠡᠷ ᠶᠠᠫᠤᠨ ᠢ ᠡᠰᠡᠷᠭᠦᠴᠡᠬᠦ︾ ᠵᠣᠷᠢᠯᠲᠠ ᠨᠢ ᠬᠦᠬᠡᠬᠤᠲᠠ ᠤᠷᠤᠨ ᠤ ᠮᠤᠩᠭᠤᠯ ᠬᠢᠲᠠᠳ ᠡᠯ᠎ᠡ ᠦᠨᠳᠦᠰᠦᠳᠡᠨ ᠦ ᠠᠷᠠᠳ ᠲᠦᠮᠡᠨ ᠦ ᠬᠠᠯᠠᠭᠤᠨ ᠲᠤᠰᠬᠠᠯ ᠢ ᠤᠯᠤᠭᠰᠠᠨ ᠢ ᠬᠠᠷᠠᠭᠤᠯᠵᠤ ᠪᠠᠶᠢᠨ᠎ᠠ᠂ ᠮᠦᠨᠴᠦ ᠠᠳᠡᠬᠢ ᠮᠤᠩᠭᠤᠯ ᠬᠢᠲᠠᠳ ᠡᠯ᠎ᠡ ᠦᠨᠳᠦᠰᠦᠳᠡᠨ ᠦ ᠠᠷᠠᠳ ᠲᠦᠮᠡᠨ ᠦ ᠶᠠᠫᠤᠨ ᠤ ᠡᠰᠡᠷᠬᠦᠴᠡᠬᠦ ᠲᠡᠮᠡᠴᠡᠯ ᠤᠯᠠᠨ ᠲᠥᠮᠡᠨᠴᠢ ᠴᠢᠨᠠᠷᠳᠠᠢ ᠶᠠᠫᠤᠨ ᠢ ᠡᠰᠡᠷᠬᠦᠴᠡᠵᠦ ᠮᠦᠬᠦᠯ ᠡᠴᠡ ᠠᠪᠤᠷᠠᠬᠤ ᠬᠦᠳᠡᠯᠭᠡᠭᠡᠨ ᠡᠴᠡ ᠪᠠᠨ ᠵᠡᠪᠰᠡᠭᠳᠦ ᠬᠦᠴᠦᠨ ᠵᠶᠡᠷ ᠶᠠᠫᠤᠨ ᠢ ᠡᠰᠡᠷᠬᠦᠴᠡᠬᠦ ᠲᠡᠮᠡᠴᠡᠯ ᠪᠤᠯᠵᠤ ᠬᠦᠭᠵᠢᠭᠰᠡᠨ ᠢ ᠬᠠᠷᠠᠭᠤᠯᠵᠤ ᠪᠠᠶᠢᠨ᠎ᠠ᠃ ᠡᠶᠢᠮᠦ ᠡᠴᠡ ᠮᠤᠩᠭᠤᠯ ᠬᠢᠲᠠᠳ ᠤᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠨᠢ ᠦᠪᠦᠷ ᠮᠤᠩᠭᠤᠯ ᠤᠨ ᠠᠷᠠᠳ ᠲᠦᠮᠡᠨ ᠦ ᠶᠠᠫᠤᠨ ᠢ ᠡᠰᠡᠷᠭᠦᠴᠡᠬᠦ ᠲᠡᠮᠡᠴᠡᠯ ᠦᠨ ᠲᠡᠦᠭᠡᠨ ᠲᠡᠭᠡᠷ᠎ᠡ ᠮᠠᠰᠢ ᠴᠢᠬᠤᠯᠠ ᠤᠳᠬ᠎ᠠ ᠠᠭᠤᠯᠭ᠎ᠠ ᠲᠠᠢ ᠶᠤᠮ᠃      ᠶᠠᠫᠤᠨ ᠡᠵᠡᠷᠭᠡᠭ ᠲᠦᠷᠢᠮᠡᠬᠡᠶᠢᠳᠡᠨ ᠦᠪᠦᠷ ᠮᠤᠩᠭᠤᠯ ᠤᠨ ᠪᠠᠷᠠᠭᠤᠨ ᠤᠷᠤᠨ ᠤ ᠶᠡᠬᠡᠩᠭᠢ ᠭᠠᠵᠠᠷ ᠢ ᠲᠦᠷᠢᠮᠡᠬᠡᠶᠢᠯᠡᠨ ᠡᠵᠡᠯᠡᠵᠦ᠂ ᠬᠦᠬᠡᠬᠤᠲᠠ ᠪᠡᠷ ᠲᠥᠪ ᠪᠤᠯᠭᠠᠭᠰᠠᠨ ᠬᠠᠭᠤᠷᠮᠠᠭ ᠮᠤᠩᠭᠤᠯ ᠬᠢᠵᠠᠭᠠᠷ ᠤᠨ ᠺᠣᠯᠣᠨᠢ ᠵᠢᠨ ᠨᠤᠶᠠᠷᠬᠠᠯ ᠵᠶᠠᠨ ᠪᠠᠶᠢᠭᠤᠯᠵᠤ᠂ ᠡᠭᠦᠨ ᠵᠶᠡᠷ ᠪᠠᠶᠢᠯᠳᠤᠬᠤ ᠪᠤᠳᠤᠯᠭ᠎ᠠ ᠵᠢᠨ ᠰᠠᠭᠤᠷᠢᠨ ᠪᠤᠯᠭᠠᠵᠤ ᠲᠤᠮᠳᠠᠳᠤ ᠤᠯᠤᠰ ᠢ ᠲᠥᠷᠢᠮᠡᠬᠡᠶᠢᠯᠡᠬᠦ ᠲᠠᠶᠢᠨ ᠵᠶᠠᠨ ᠥᠷᠭᠡᠳᠭᠡᠬᠦ ᠪᠡᠷ ᠭᠤᠷᠢᠳᠠᠵᠤ ᠪᠠᠶᠢᠬᠤ ᠦᠶ᠎ᠡ ᠳᠦ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠴᠤ ᠪᠥᠬᠦ ᠤᠯᠤᠰ ᠤᠨ ᠶᠠᠫᠤᠨ ᠢ ᠡᠰᠡᠷᠬᠦᠴᠡᠬᠦ ᠲᠠᠶᠢᠨ ᠤ ᠪᠦᠬᠦ ᠲᠠᠯ᠎ᠠ ᠡᠴᠠ ᠡᠭᠦᠰᠴᠦ᠂ ᠲᠠᠯᠠᠨ ᠬᠠᠷ᠎ᠠ ᠠᠭᠤᠯᠠ ᠵᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠢ ᠪᠠᠶᠢᠭᠤᠯᠬᠤ ᠪᠠᠶᠢᠯᠳᠤᠬᠤ ᠪᠤᠳᠤᠯᠭ᠎ᠠ ᠵᠢᠨ ᠰᠢᠢᠳᠪᠦᠷᠢᠳᠦ ᠪᠤᠳᠤᠯᠭ᠎ᠠ ᠲᠤᠭᠲᠠᠭᠠᠵᠤ᠂ ᠬᠦᠬᠡᠬᠤᠲᠠ ᠤᠷᠤᠨ ᠨᠢ ᠲᠠᠯᠠᠨ ᠬᠠᠷ᠎ᠠ ᠠᠭᠤᠯᠠ ᠵᠢᠨ ᠶᠠᠫᠤᠨ ᠢ ᠡᠰᠡᠷᠬᠦᠴᠡᠬᠦ ᠫᠠᠷᠲ᠋ᠢᠽᠠᠨ ᠲᠠᠶᠢᠨ ᠤ ᠲᠥᠪ ᠤᠷᠤᠨ ᠪᠣᠯᠵᠠᠢ᠃      ᠲᠠᠯᠠᠨ ᠬᠠᠷ᠎ᠠ ᠠᠭᠤᠯᠠ ᠵᠢᠨ ᠭᠠᠵᠠᠷ ᠵᠦᠢ ᠵᠢᠨ ᠪᠠᠶᠢᠷᠢᠰᠢᠯ ᠤᠨ ᠬᠤᠪᠢ ᠳᠤ᠂ ᠲᠠᠯᠠᠨ ᠬᠠᠷ᠎ᠠ ᠠᠭᠤᠯᠠ ᠵᠢᠨ  ᠡᠮᠦᠨ᠎ᠡ ᠪᠡᠯ ᠳᠦ ᠵᠢᠨᠢᠩ᠂ ᠭᠦᠢ ᠰᠦᠢ᠂ ᠪᠤᠭᠤᠳᠤ ᠭᠤᠷᠪᠠᠨ ᠬᠤᠳᠠ ᠪᠠᠶᠢᠵᠤ᠂ ᠵᠡᠭᠦᠨ ᠡᠴᠡ ᠪᠠᠷᠠᠭᠤᠨᠰᠢ ᠲᠠᠯᠠᠨ ᠬᠠᠷ᠎ᠠ ᠠᠭᠤᠯᠠ ᠵᠢᠨ ᠤᠷᠤᠨ ᠢ ᠬᠤᠯᠪᠤᠵᠤ᠂ ᠤᠯᠤᠰ ᠲᠥᠷᠥ᠂ ᠴᠡᠷᠢᠭ ᠲᠠᠶᠢᠨ᠂ ᠠᠵᠤ ᠠᠬᠤᠢ᠂ ᠰᠤᠶᠤᠯ ᠤᠨ ᠲᠠᠯ᠎ᠠ ᠪᠡᠷ ᠤᠷᠭᠠᠨᠢᠭ ᠬᠠᠷᠢᠴᠠᠭ᠎ᠠ ᠬᠤᠯᠪᠤᠭ᠎ᠠ ᠪᠦᠬᠦᠢ ᠤᠷᠤᠨ ᠪᠦᠰᠡ ᠪᠣᠯᠬᠤ ᠶᠤᠮ᠃ ᠬᠦᠬᠡᠬᠤᠲᠠ ᠤᠷᠤᠨ ᠨᠢ ᠶᠠᠭ ᠲᠡᠭᠦᠨ ᠦ ᠭᠤᠣᠯ ᠳᠤ ᠪᠠᠶᠢᠷᠢᠯᠠᠵᠤ᠂ ᠲᠠᠯᠠᠨ ᠬᠠᠷ᠎ᠠ ᠠᠭᠤᠯᠠ ᠵᠢᠨ ᠤᠷᠤᠨ ᠤ ᠲᠥᠪ ᠪᠣᠯᠤᠭᠰᠠᠨ ᠪᠠᠶᠢᠨ᠎ᠠ᠃      ᠶᠠᠫᠤᠨ ᠡᠵᠡᠷᠭᠡᠭ ᠲᠦᠷᠢᠮᠡᠬᠡᠶᠢᠳᠡᠨ ᠬᠦᠬᠡᠬᠤᠲᠠ ᠵᠢ ᠲᠡᠳᠡᠨ ᠦ ᠤᠯᠤᠰ ᠲᠥᠷᠥ᠂ ᠴᠡᠷᠢᠭ ᠲᠠᠶᠢᠨ ᠤ ᠨᠤᠶᠠᠷᠬᠠᠯ ᠤᠨ ᠲᠥᠪ ᠪᠤᠯᠭᠠᠭᠰᠠᠨ ᠡᠴᠠ ᠬᠦᠬᠡᠬᠤᠲᠠ ᠤᠷᠤᠨ ᠨᠢ ᠮᠦᠨᠴᠦ ᠲᠡᠳᠡᠨ ᠦ ᠠᠵᠤ ᠠᠬᠤᠢ ᠵᠢᠨ ᠪᠤᠯᠢᠶᠠᠨ ᠲᠡᠭᠡᠷᠡᠮᠳᠡᠯᠭᠡ ᠬᠢᠬᠦ ᠪᠠ ᠲᠠᠶᠢᠨ ᠵᠶᠠᠷ ᠲᠠᠶᠢᠨ ᠢ ᠲᠡᠵᠢᠭᠡᠬᠦ ᠰᠠᠭᠤᠷᠢᠨ ᠭᠠᠵᠠᠷ ᠤᠨ ᠬᠢᠨᠢ ᠨᠢᠭᠡ ᠪᠤᠯᠤᠭᠰᠠᠨ ᠪᠠᠶᠢᠨ᠎ᠠ᠃ ᠬᠦᠬᠡᠬᠤᠲᠠ ᠪᠡᠷ ᠲᠥᠪ ᠪᠤᠯᠭᠠᠭᠰᠠᠨ ᠲᠠᠯᠠᠨ ᠬᠠᠷ᠎ᠠ ᠠᠭᠤᠯᠠ ᠵᠢᠨ ᠤᠷᠤᠨ ᠨᠢ ᠶᠠᠫᠤᠨ ᠡᠵᠡᠷᠭᠡᠭ ᠲᠦᠷᠢᠮᠡᠬᠡᠶᠢᠳᠡᠨ ᠦ ᠳᠤᠮᠳᠠᠳᠤ ᠵᠢ ᠲᠦᠷᠢᠮᠡᠬᠡᠶᠢᠯᠡᠬᠦ ᠳᠦ ᠴᠢᠬᠤᠯᠠ ᠪᠠᠶᠢᠯᠳᠤᠬᠤ ᠪᠤᠳᠤᠯᠭ᠎ᠠ ᠵᠢᠨ ᠪᠠᠶᠢᠷᠢ ᠰᠠᠭᠤᠷᠢ ᠲᠠᠢ ᠪᠠᠶᠢᠭᠰᠠᠨ ᠪᠣᠯ᠂ ᠠᠳᠠᠯᠢᠬᠠᠨ ᠵᠶᠠᠷ ᠲᠤᠮᠳᠠᠳᠤ ᠤᠯᠤᠰ ᠤᠨ ᠠᠷᠠᠳ ᠲᠦᠮᠡᠨ ᠦ ᠶᠠᠫᠤᠨ ᠢ ᠡᠰᠡᠷᠬᠦᠴᠡᠬᠦ ᠲᠠᠶᠢᠨ ᠳᠤ ᠴᠤ ᠮᠦᠨ ᠮᠠᠰᠢ ᠴᠢᠬᠤᠯᠠ ᠪᠠᠶᠢᠯᠳᠤᠬᠤ ᠪᠣᠳᠤᠯᠭ᠎ᠠ ᠵᠢᠨ ᠪᠠᠶᠢᠷᠢ ᠰᠠᠭᠤᠷᠢ ᠲᠠᠢ ᠪᠠᠶᠢᠪᠠ᠃ ᠲᠠᠯᠠᠨ ᠬᠠᠷ᠎ᠠ ᠠᠭᠤᠯᠠ ᠵᠢᠨ ᠤᠷᠤᠨ ᠨᠢ ᠮᠦᠨᠴᠦ ᠮᠠᠨ ᠤ ᠤᠯᠤᠰ ᠤᠨ ᠪᠠᠷᠠᠭᠤᠨ ᠬᠤᠶᠢᠳᠤ ᠤᠷᠤᠨ ᠳᠤ ᠨᠡᠪᠳᠡᠷᠡᠬᠦ ᠵᠠᠮ ᠬᠠᠷᠢᠯᠴᠠᠭᠠᠨ ᠤ ᠪᠤᠭᠤᠮᠳᠠ ᠪᠣᠯᠬᠤ ᠶᠤᠮ᠃ ᠶᠠᠫᠤᠨ ᠡᠵᠡᠷᠭᠡᠭ ᠲᠦᠷᠢᠮᠡᠬᠡᠶᠢᠳᠡᠨ ᠦ ᠮᠠᠨ ᠤ ᠤᠯᠤᠰ ᠤᠨ ᠪᠠᠷᠠᠭᠤᠨ ᠬᠤᠶᠢᠳᠤ ᠤᠷᠤᠨ ᠳᠤ ᠤᠷᠤᠬᠤ ᠵᠢ ᠬᠤᠷᠢᠭᠯᠠᠬᠤ ᠭᠡᠪᠡᠯ ᠵᠠᠪᠠᠯ  ᠡᠨᠡᠬᠦ ᠪᠤᠭᠤᠮᠳᠠ ᠵᠢ ᠡᠵᠡᠯᠡᠵᠦ ᠠᠪᠤᠭᠰᠠᠨ ᠪᠠᠶᠢᠬᠤ ᠬᠡᠷᠡᠭᠳᠡᠢ᠃ ᠲᠠᠯᠠᠨ ᠬᠠᠷ᠎ᠠ ᠠᠭᠤᠯᠠ ᠵᠢᠨ ᠤᠷᠤᠨ ᠨᠢ ᠮᠦᠨᠴᠦ ᠶᠠᠫᠤᠨ ᠢ ᠡᠰᠡᠷᠭᠦᠴᠡᠬᠦ ᠠᠷᠤ ᠲᠠᠯ᠎ᠠ ᠱᠠᠨᠰᠢ ᠭᠠᠨᠰᠤ ᠨᠢᠩᠰᠢᠶᠠ ᠵᠢᠨ ᠬᠢᠵᠠᠭᠠᠷ ᠤᠷᠤᠨ ᠤ ᠤᠮᠠᠷᠠᠳᠤ ᠵᠢᠨ ᠡᠭᠦᠳᠡ᠂ ᠮᠦᠨ ᠴᠤ ᠶᠠᠫᠤᠨ ᠡᠵᠡᠷᠭᠡᠭ ᠲᠦᠷᠢᠮᠡᠬᠡᠶᠢᠳᠡᠨ ᠦ ᠱᠠᠨᠰᠢ ᠭᠠᠨᠰᠤ ᠨᠢᠩᠰᠢᠶᠠ ᠵᠢᠨ ᠬᠢᠵᠠᠭᠠᠷ ᠣᠷᠤᠨ ᠢ ᠲᠦᠷᠢᠮᠡᠬᠡᠶᠢᠯᠡᠬᠦ ᠬᠦᠭᠦᠷᠭᠡ ᠪᠤᠯᠤᠨ᠎ᠠ᠃ ᠡᠶᠢᠮᠦ ᠡᠴᠡ ᠡᠨᠡᠬᠦ ᠡᠭᠦᠳᠡ ᠵᠢ ᠰᠠᠬᠢᠵᠤ᠂ ᠡᠨᠡᠬᠦ ᠬᠦᠭᠦᠷᠭᠡ ᠵᠢ ᠡᠵᠡᠯᠡᠬᠦ ᠨᠢ ᠳᠠᠶᠢᠰᠤᠨ ᠳᠤ ᠭᠡᠰᠡᠨ ᠦᠭᠡᠢ ᠮᠠᠨ ᠤ ᠲᠠᠯ᠎ᠠ ᠳᠦ ᠭᠡᠰᠡᠨ ᠦᠭᠡᠢ ᠮᠠᠰᠢ ᠴᠢᠬᠤᠯᠠ ᠪᠠᠶᠢᠯᠳᠤᠬᠤ ᠪᠤᠳᠤᠯᠭ᠎ᠠ ᠵᠢᠨ ᠤᠳᠬ᠎ᠠ ᠤᠴᠢᠷ ᠲᠠᠢ ᠶᠤᠮ᠃ ᠲᠠᠯᠠᠨ ᠬᠠᠷ᠎ᠠ ᠠᠭᠤᠯᠠ ᠵᠢᠨ ᠤᠷᠤᠨ ᠨᠢ ᠮᠦᠨ ᠴᠤ ᠱᠠᠨ ᠱᠢ ᠵᠢᠨ ᠪᠠᠷᠠᠭᠤᠨ ᠬᠤᠶᠢᠳᠤ ᠵᠢᠨ ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠤᠨ ᠭᠠᠳᠠᠷ ᠵᠢᠭᠦᠷ ᠪᠠᠶᠢᠵᠤ᠂ ᠠᠳᠡ ᠫᠠᠷᠲ᠋ᠢᠽᠠᠨ ᠲᠠᠶᠢᠨ ᠬᠢᠵᠦ ᠶᠠᠫᠤᠨ ᠲᠡᠭᠡᠷᠡᠮ ᠢ ᠬᠤᠷᠢᠭᠯᠠᠬᠤ ᠨᠢ ᠱᠠᠨ ᠰᠢ ᠵᠢᠨ ᠪᠠᠷᠠᠭᠤᠨ ᠬᠤᠶᠢᠳᠤ ᠵᠢᠨ ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠤᠨ ᠠᠮᠤᠷ ᠲᠦᠪᠰᠢᠨ᠂ ᠴᠢᠨᠠᠭᠰᠢᠯᠠᠪᠠᠯ ᠪᠦᠬᠦᠶᠢᠯᠡ ᠱᠠᠨ ᠰᠢ ᠰᠦᠢ ᠶᠤᠸᠠᠨ ᠤ ᠶᠠᠫᠤᠨ ᠢ ᠡᠰᠡᠷᠭᠦᠴᠡᠬᠦ ᠲᠠᠶᠢᠨ ᠤ ᠠᠬᠢᠯᠲᠠ ᠲᠠᠢ ᠬᠤᠯᠪᠤᠭᠳᠠᠵᠤ ᠪᠠᠶᠢᠳᠠᠭ᠃ ᠪᠠᠰᠠ ᠨᠢᠭᠡᠨ ᠲᠤᠷᠠᠳᠤᠭᠤᠰᠢᠳᠠᠢ ᠵᠦᠢᠯ ᠭᠡᠪᠡᠯ ᠲᠠᠯᠠᠨ ᠬᠠᠷ᠎ᠠ ᠠᠭᠤᠯᠠ ᠵᠢᠨ ᠤᠷᠤᠨ ᠳᠤ ᠮᠠᠰᠢ ᠪᠤᠳᠤᠯᠢᠶᠠᠨᠳᠠᠢ ᠦᠨᠳᠦᠰᠦᠳᠡᠨ ᠦ ᠠᠰᠠᠭᠤᠳᠠᠯ ᠤᠷᠤᠰᠢᠵᠤ ᠪᠠᠶᠢᠭᠰᠠᠨ ᠪᠣᠯᠬᠤᠷ ᠶᠠᠫᠤᠨ ᠡᠵᠡᠷᠭᠡᠭ ᠲᠦᠷᠢᠮᠡᠬᠡᠶᠢᠳᠡᠨ ᠡᠭᠦᠨ ᠢ ᠠᠰᠢᠭᠯᠠᠨ ᠮᠤᠩᠭᠤᠯ ᠬᠢᠲᠠᠳ ᠥᠨᠳᠥᠰᠥᠳᠡᠨ ᠢ ᠵᠠᠪᠰᠠᠷᠳᠠᠭᠤᠯᠤᠨ᠂ ᠦᠨᠳᠦᠰᠦᠳᠡᠨ ᠦ ᠬᠠᠭᠠᠴᠠᠯ ᠡᠭᠦᠰᠭᠡᠵᠦ᠂ ᠡᠭᠦᠨ ᠦ ᠤᠯᠠᠮ ᠡᠴᠠ ᠮᠠᠨ ᠤ ᠤᠯᠤᠰ ᠤᠨ ᠤᠮᠠᠷᠠᠳᠤ ᠤᠷᠤᠨ ᠢ ᠲᠦᠷᠢᠮᠡᠬᠡᠶᠢᠯᠡᠨ ᠵᠠᠯᠭᠢᠬᠤ ᠪᠡᠷ ᠭᠤᠷᠢᠳᠠᠵᠤ ᠪᠠᠶᠢᠪᠠ᠃ ᠶᠠᠭ ᠡᠶᠢᠮᠦ ᠡᠴᠡ ᠶᠠᠫᠤᠨ ᠡᠵᠡᠷᠭᠡᠭ ᠲᠦᠷᠢᠮᠡᠬᠡᠶᠢᠳᠡᠨ ᠦ ᠡᠨᠡᠬᠦ ᠬᠤᠤᠪᠢᠯᠳᠤᠯᠭ᠎ᠠ ᠵᠢ ᠢᠯᠡᠴᠢᠯᠡᠵᠦ᠂ ᠮᠤᠩᠭᠤᠯ ᠬᠢᠲᠠᠳ ᠡᠯ᠎ᠡ ᠦᠨᠳᠦᠰᠦᠳᠡᠨ ᠪᠦᠯᠬᠦᠮᠳᠡᠨ ᠨᠢᠭᠲᠠᠷᠠᠬᠤ ᠵᠢ ᠤᠷᠢᠶᠠᠯᠠᠨ᠂ ᠬᠠᠮᠳᠤᠪᠡᠷ ᠶᠠᠫᠤᠨ ᠢ ᠡᠰᠡᠷᠬᠦᠴᠡᠬᠦ ᠨᠢ ᠬᠦᠬᠡᠬᠤᠲᠠ ᠤᠷᠤᠨ ᠳᠤ ᠠᠪᠴᠤ ᠬᠡᠯᠡᠪᠡᠯ᠂ ᠤᠨᠴᠠᠭᠠᠢ ᠴᠢᠬᠤᠯᠠ ᠠᠰᠠᠭᠤᠳᠠᠯ ᠪᠣᠯᠬᠤ ᠪᠡᠷ ᠪᠠᠷᠠᠬᠤ ᠦᠭᠡᠢ᠂ ᠪᠦᠬᠦᠶᠢᠯᠡ ᠶᠠᠫᠤᠨ ᠢ ᠡᠰᠡᠷᠭᠦᠴᠡᠬᠦ ᠲᠠᠶᠢᠨ ᠳᠤ ᠴᠤ ᠮᠠᠰᠢ ᠴᠢᠬᠤᠯᠠ ᠤᠳᠬ᠎ᠠ ᠤᠴᠢᠷ ᠲᠠᠢ ᠶᠤᠮ᠃      1938 ᠣᠨ ᠳᠤ᠂ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠤᠳᠤᠯᠭ᠎ᠠ ᠪᠠ ᠪᠠᠶᠢᠷᠢᠯᠠᠭᠤᠯᠤᠯᠳᠠ ᠪᠡᠷ᠂ 1800 ᠭᠠᠷᠤᠢ ᠴᠡᠷᠢᠭ ᠲᠠᠢ ᠨᠠᠢᠮᠠᠳᠤᠭᠠᠷ ᠵᠠᠮ ᠤᠨ ᠴᠡᠷᠢᠭ ᠦᠨ ᠲᠠᠯᠠᠨ ᠬᠠᠷ᠎ᠠ ᠠᠭᠤᠯᠠ ᠵᠢᠨ ᠰᠠᠯᠪᠤᠷᠢ ᠴᠡᠷᠢᠭ ᠠᠩᠭᠢ ᠪᠠᠶᠢᠭᠤᠯᠤᠭᠳᠠᠵᠤ᠂ ᠲᠠᠯᠠᠨ ᠬᠠᠷ᠎ᠠ ᠠᠭᠤᠯᠠ ᠵᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠢ ᠪᠠᠶᠢᠭᠤᠯᠬᠤ ᠪᠡᠷ ᠰᠦᠢ ᠶᠤᠸᠠᠨ ᠤ ᠲᠠᠶᠢᠰᠤᠨ ᠳᠤ ᠡᠵᠡᠯᠡᠭᠳᠡᠭᠰᠡᠨ ᠤᠷᠤᠨ ᠵᠦᠭ ᠤᠷᠤᠭᠰᠢᠯᠠᠵᠠᠢ᠃ ᠡᠭᠦᠨ ᠦ ᠵᠡᠷᠭᠡ ᠪᠡᠷ ᠮᠠᠨ ᠤ ᠨᠠᠮ ᠤᠨ ᠴᠢᠷᠮᠠᠶᠢᠯᠭ᠎ᠠ ᠪᠡᠷ ᠪᠠᠶᠢᠭᠤᠯᠤᠭᠳᠠᠭᠰᠠᠨ ᠬᠤᠶᠠᠳᠤᠭᠠᠷ ᠪᠠᠶᠢᠯᠳᠤᠭᠠᠨ ᠤ ᠤᠷᠤᠨ ᠤ ᠦᠨᠳᠦᠰᠦᠳᠡᠨ ᠦ ᠬᠤᠪᠢᠰᠬᠠᠯᠲᠤ ᠲᠠᠶᠢᠨ ᠤ ᠲᠠᠶᠢᠨ ᠤ ᠤᠷᠤᠨ ᠤ  ᠶᠡᠷᠦᠩᠬᠡᠢ ᠲᠠᠶᠢᠴᠢᠯᠠᠯᠲᠠ ᠵᠢᠨ ᠵᠥᠪᠯᠡᠯ ᠴᠤ ᠱᠠᠨ ᠰᠢ ᠴᠠᠬᠠᠷ ᠰᠦᠢ ᠶᠤᠸᠠᠨ ᠤ ᠬᠢᠵᠠᠭᠠᠷ ᠤᠷᠤᠨ ᠤ ᠠᠵᠢᠯ ᠤᠨ ᠵᠥᠪᠯᠡᠯ ᠲᠣᠮᠢᠯᠠᠵᠤ᠂ ᠨᠠᠢᠮᠠᠳᠤᠭᠠᠷ ᠵᠠᠮ ᠤᠨ ᠴᠡᠷᠢᠭ ᠦᠨ ᠲᠠᠯᠠᠨ ᠬᠠᠷ᠎ᠠ ᠠᠭᠤᠯᠠ ᠵᠢᠨ ᠴᠡᠷᠢᠭ ᠠᠩᠭᠢ ᠲᠠᠢ ᠬᠠᠮᠳᠤᠪᠡᠷ ᠰᠦᠢ ᠶᠤᠸᠠᠨ ᠤ ᠲᠠᠶᠢᠰᠤᠨ ᠳᠤ ᠡᠵᠡᠯᠡᠭᠳᠡᠭᠰᠡᠨ ᠣᠷᠤᠨ ᠳᠤ ᠬᠦᠷᠴᠦ᠂ ᠲᠠᠯᠠᠨ ᠬᠠᠷ᠎ᠠ ᠠᠭᠤᠯᠠ ᠵᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠢ ᠪᠠᠶᠢᠭᠤᠯᠬᠤ ᠪᠡᠷ ᠲᠤᠭᠲᠠᠪᠠ᠃ ᠡᠭᠦᠨ ᠦ ᠵᠡᠷᠭᠡᠪᠡᠷ ᠲᠠᠶᠢᠶᠤᠸᠠᠨ ᠤ ᠴᠧᠩ ᠴᠧᠩ ᠲᠤᠮᠳᠠᠳᠤ ᠤᠯᠤᠰ ᠤᠨ ᠪᠠᠭᠰᠢ ᠰᠤᠷᠤᠭᠴᠢᠳ ᠵᠶᠠᠷ ᠪᠦᠷᠢᠯᠳᠦᠭᠰᠡᠨ ᠲᠠᠶᠢᠨ ᠤ ᠤᠷᠤᠨ ᠤ ᠶᠡᠷᠦᠩᠬᠡᠢ ᠲᠠᠶᠢᠴᠢᠯᠠᠯᠲᠠ ᠵᠢᠨ ᠵᠦᠪᠯᠡᠯ ᠦᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠲᠦᠷᠪᠡᠳᠦᠭᠡᠷ ᠰᠠᠯᠪᠤᠷᠢ ᠠᠩᠭᠢ ᠵᠢ ᠱᠠᠨ ᠰᠢ ᠴᠠᠬᠠᠷ ᠰᠦᠢ ᠶᠤᠸᠠᠨ ᠤ ᠬᠢᠵᠠᠭᠠᠷ ᠤᠷᠤᠨ ᠤ ᠠᠵᠢᠯ ᠤᠨ ᠵᠦᠪᠯᠡᠯ ᠦᠨ ᠫᠠᠷᠲ᠋ᠢᠽᠠᠨ ᠤ ᠲᠥᠷᠪᠡᠳᠦᠭᠡᠷ ᠰᠠᠯᠪᠤᠷᠢ ᠠᠩᠭᠢ ᠪᠣᠯᠭᠠᠵᠤ᠂ ᠮᠦᠨ ᠬᠠᠮᠲᠤ ᠫᠠᠷᠲ᠋ᠢᠽᠠᠨ ᠤ ᠰᠠᠭᠤᠷᠢᠨ ᠭᠠᠵᠠᠷ ᠪᠠᠶᠢᠭᠤᠯᠬᠤ ᠪᠡᠷ ᠲᠠᠯᠠᠨ ᠬᠠᠷ᠎ᠠ ᠠᠭᠤᠯᠠ ᠵᠢ ᠵᠣᠷᠢᠵᠠᠢ᠃ ᠱᠠᠨ ᠰᠢ ᠴᠠᠬᠠᠷ ᠰᠦᠢ ᠶᠤᠸᠠᠨ ᠤ ᠬᠢᠵᠠᠭᠠᠷ ᠤᠷᠤᠨ ᠤ ᠠᠵᠢᠯ ᠤᠨ ᠵᠥᠪᠯᠡᠯ ᠦᠨ ᠠᠵᠢᠯᠲᠠᠨ ᠪᠠ ᠵᠦᠪᠯᠡᠯ ᠦᠨ ᠫᠠᠷᠲ᠋ᠢᠽᠠᠨ ᠤ ᠲᠥᠷᠪᠡᠳᠦᠭᠡᠷ ᠰᠠᠯᠪᠤᠷᠢ ᠠᠩᠭᠢ ᠵᠢᠨ ᠬᠢᠨ ᠨᠡᠶᠢᠲᠡ 500 ᠰᠢᠬᠠᠮ ᠬᠦᠮᠦᠨ ᠪᠠᠶᠢᠪᠠ᠃      7 ᠳ᠋ᠤᠭᠠᠷ ᠰᠠᠷ᠎ᠠ ᠵᠢᠨ 15 ᠦ ᠡᠳᠦᠷ᠂ ᠨᠠᠢᠮᠠᠳᠤᠭᠠᠷ ᠵᠠᠮ ᠤᠨ ᠴᠡᠷᠢᠭ ᠦᠨ ᠶᠡᠷᠦᠩᠬᠡᠢ ᠰᠧᠯᠢᠩ ᠵᠦ ᠳ᠋ᠧ ᠲᠠᠯᠠᠨ ᠬᠠᠷ᠎ᠠ ᠠᠭᠤᠯᠠ ᠵᠦᠭ ᠴᠡᠷᠢᠭᠯᠡᠬᠦ ᠵᠠᠷᠯᠢᠭ ᠪᠠᠭᠤᠯᠭᠠᠪᠠ᠃ ᠡᠳᠦᠢ ᠲᠡᠳᠦᠢ ᠪᠡᠯᠡᠳᠭᠡᠯ ᠬᠢᠭᠰᠡᠨ ᠦ ᠲᠠᠷᠠᠭ᠎ᠠ᠂7 ᠳ᠋ᠤᠭᠠᠷ ᠰᠠᠷ᠎ᠠ ᠵᠢᠨ 29 ᠦ ᠡᠳᠦᠷ ᠪᠠ 8 ᠳ᠋ᠤᠭᠠᠷ ᠰᠠᠷ᠎ᠠ ᠵᠢᠨ 2 ᠦᠨ ᠡᠳᠦᠷ᠂ ᠨᠠᠢᠮᠠᠳᠤᠭᠠᠷ ᠵᠠᠮ ᠤᠨ ᠴᠡᠷᠢᠭ ᠦᠨ ᠲᠠᠯᠠᠨ ᠬᠠᠷ᠎ᠠ ᠠᠭᠤᠯᠠ ᠵᠢᠨ ᠰᠠᠯᠪᠤᠷᠢ ᠴᠡᠷᠢᠭ ᠠᠩᠭᠢ ᠪᠠ ᠶᠡᠷᠦᠩᠬᠡᠢ ᠲᠠᠶᠢᠴᠢᠯᠠᠯᠲᠠ ᠵᠢᠨ ᠵᠦᠪᠯᠡᠯ ᠵᠢᠴᠢ ᠲᠡᠭᠦᠨ ᠦ ᠬᠠᠷᠢᠶ᠎ᠠ ᠲᠦᠷᠪᠡᠳᠦᠭᠡᠷ ᠰᠠᠯᠪᠤᠷᠢ ᠠᠩᠭᠢ ᠬᠤᠶᠠᠷ ᠵᠠᠮ ᠬᠤᠪᠢᠶᠠᠵᠤ ᠲᠠᠯᠠᠨ ᠬᠠᠷ᠎ᠠ ᠠᠭᠤᠯᠠ ᠵᠢ ᠴᠢᠭᠯᠡᠵᠡᠢ᠃ 8 ᠳ᠋ᠤᠭᠠᠷ ᠰᠠᠷ᠎ᠠ ᠵᠢᠨ ᠲᠤᠮᠳᠠᠴᠢ ᠪᠡᠷ ᠰᠦᠢ ᠶᠤᠸᠠᠨ ᠤ ᠲᠠᠶᠢᠰᠤᠨ ᠳᠤ ᠡᠵᠡᠯᠡᠭᠳᠡᠭᠰᠡᠨ ᠤᠷᠤᠨ ᠤ ᠯᠢᠶᠠᠩ ᠴᠧᠩ ᠰᠢᠶᠠᠨ ᠤ ᠬᠢᠯᠢ ᠳᠦ ᠤᠷᠤᠭᠰᠠᠨ ᠪᠦᠭᠡᠳ ᠲᠤᠬᠠᠢ ᠵᠢᠨ ᠤᠷᠤᠨ ᠳᠤ ᠶᠠᠫᠤᠨ ᠢ ᠡᠰᠡᠷᠭᠦᠴᠡᠬᠦ ᠵᠢ ᠤᠷᠢᠶᠠᠯᠠᠨ᠂ ᠤᠯᠠᠨ ᠲᠦᠮᠡᠨ ᠢ ᠲᠠᠶᠢᠴᠢᠯᠠᠨ ᠵᠤᠬᠢᠶᠠᠨ ᠪᠠᠶᠢᠭᠤᠯᠵᠤ᠂ ᠮᠠᠨ ᠬᠠᠨ ᠱᠠᠨ ᠠᠭᠤᠯᠠᠨ ᠤᠷᠤᠨ ᠳᠦ ᠶᠠᠫᠤᠨ ᠢ ᠡᠰᠡᠷᠭᠦᠴᠡᠬᠦ ᠲᠠᠶᠢᠨ ᠥᠷᠨᠢᠭᠦᠯᠪᠡ᠃      ᠨᠢᠭᠲᠠ ᠴᠠᠭᠳᠠᠨ ᠪᠠᠶᠢᠴᠠᠭᠠᠯᠳᠠ ᠪᠠ ᠪᠠᠶᠢᠷᠢᠯᠠᠭᠤᠯᠤᠯᠳᠠ ᠪᠡᠷ ᠲᠠᠮᠵᠢᠭᠠᠳ᠂ ᠠᠭᠤᠯᠠ ᠳᠠᠪᠠᠨ ᠤᠰᠤ ᠭᠠᠳᠤᠯᠵᠤ᠂ ᠮᠢᠩᠭᠠᠨ ᠭᠠᠵᠠᠷ ᠢ ᠲᠤᠭᠤᠯᠤᠭᠰᠠᠨ ᠨᠠᠢᠮᠠᠳᠤᠭᠠᠷ ᠵᠠᠮ ᠤᠨ ᠴᠡᠷᠢᠭ ᠪᠠ ᠶᠠᠫᠤᠨ ᠢ ᠡᠰᠡᠷᠬᠦᠴᠡᠬᠦ ᠪᠠᠶᠢᠯᠳᠤᠭᠴᠢᠳ 9 ᠳ᠋ᠤᠭᠡᠷ ᠰᠠᠷ᠎ᠠ ᠵᠢᠨ 1 ᠦ ᠡᠳᠦᠷ ᠡᠴᠦᠰ ᠲᠡᠭᠡᠨ ᠶᠠᠫᠤᠨ ᠢ ᠡᠰᠡᠷᠬᠦᠴᠡᠬᠦ ᠤᠯᠠᠭᠠᠨ ᠲᠤᠭ ᠢ ᠲᠠᠯᠠᠨ ᠬᠠᠷ᠎ᠠ ᠠᠭᠤᠯᠠᠨ ᠲᠡᠭᠡᠷ᠎ᠡ ᠬᠠᠳᠬᠤᠵᠤ ᠲᠠᠯᠪᠢᠵᠠᠢ᠃ ᠤᠳᠠᠯ ᠦᠭᠡᠢ᠂ ᠬᠦᠬᠡᠬᠤᠲᠠ ᠤᠷᠤᠨ ᠳᠤ ᠶᠠᠫᠤᠨ ᠢ ᠡᠰᠡᠷᠬᠦᠴᠡᠬᠦ ᠵᠡᠪᠰᠡᠭᠳᠦ ᠲᠡᠮᠡᠴᠡᠯ ᠥᠷᠨᠢᠬᠦᠯᠵᠦ ᠪᠠᠶᠢᠭᠰᠠᠨ ᠮᠤᠩᠭᠤᠯ ᠬᠢᠲᠠᠳ ᠤᠨ ᠶᠠᠫᠤᠨ ᠢ ᠡᠰᠡᠷᠭᠦᠴᠡᠬᠦ  ᠫᠠᠷᠲ᠋ᠢᠽᠠᠨ ᠠᠩᠭᠢ ᠴᠤ ᠨᠠᠢᠮᠠᠳᠤᠭᠠᠷ ᠵᠠᠮ ᠤᠨ ᠴᠡᠷᠢᠭ ᠦᠨ ᠲᠠᠯᠠᠨ ᠬᠠᠷ᠎ᠠ ᠠᠭᠤᠯᠠ ᠵᠢᠨ ᠴᠡᠷᠢᠭ ᠠᠩᠭᠢ ᠲᠠᠢ ᠨᠡᠶᠢᠯᠡᠭᠰᠡᠨ ᠪᠦᠭᠡᠳ ᠰᠦᠢ ᠶᠤᠸᠠᠨ ᠦᠪᠦᠷ ᠮᠤᠩᠭᠤᠯ ᠤᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠶᠡᠭᠡ ᠠᠩᠭᠢ ᠪᠣᠯᠵᠤ ᠳᠠᠯᠠᠨ ᠬᠠᠷ᠎ᠠ ᠠᠭᠤᠯᠠ ᠵᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠢ ᠪᠠᠶᠢᠭᠤᠯᠬᠤ ᠲᠡᠮᠡᠴᠡᠯ ᠳᠦ ᠤᠷᠤᠯᠴᠠᠵᠠᠢ᠃ ᠠᠳᠡ ᠬᠦᠷᠦᠭᠡᠳ ᠬᠦᠬᠡᠬᠤᠳᠠ ᠤᠷᠤᠨ ᠤ ᠶᠠᠫᠤᠨ ᠢ ᠡᠰᠡᠷᠭᠦᠴᠡᠬᠦ ᠲᠡᠮᠡᠴᠡᠯ ᠰᠢᠨ᠎ᠡ ᠱᠠᠳᠤᠨ ᠳᠤ ᠣᠷᠤᠭᠰᠠᠨ ᠪᠠᠶᠢᠨ᠎ᠠ᠃      ᠢᠷᠡᠯᠲᠡ᠄ ︽ᠬᠦᠬᠡᠬᠤᠲᠠ ᠵᠢᠨ ᠬᠤᠪᠢᠰᠬᠠᠯ ᠤᠨ ᠲᠡᠦᠭᠡ︾  ︵ᠦᠪᠦᠷ ᠮᠤᠩᠭᠤᠯ ᠤᠨ ᠶᠡᠭᠡ ᠰᠤᠷᠭᠠᠭᠤᠯᠢ ᠵᠢᠨ ᠬᠡᠪᠯᠡᠯ ᠦᠨ ᠬᠤᠷᠢᠶ᠎ᠠ 1999 ᠣᠨ ᠤ ᠬᠡᠪᠯᠡᠯ︶ ᠡᠴᠠ ᠤᠷᠴᠢᠭᠤᠯᠪᠠ      ᠲᠤᠳᠤᠷᠬᠠᠶᠢᠯᠠᠯᠲᠠ᠄ ᠲᠡᠭᠡᠷᠡᠬᠢ ᠠᠭᠤᠯᠭ᠎ᠠ ᠳᠤ ᠢᠯᠡᠷᠡᠭᠰᠡᠨ ᠤᠨᠴᠠᠭᠠᠢ ᠲᠡᠦᠭᠡᠨ ᠨᠡᠷ᠎ᠡ ᠦᠭᠡᠰ ᠢ ︽ᠦᠪᠦᠷ ᠮᠤᠩᠭᠤᠯ ᠤᠨ ᠲᠡᠦᠭᠡ ᠵᠢᠨ ᠮᠠᠲ᠋ᠧᠷᠢᠶᠠᠯ︾  ︵ᠦᠪᠦᠷ ᠮᠤᠩᠭᠤᠯ ᠤᠨ ᠠᠷᠠᠳ ᠤᠨ ᠬᠡᠪᠯᠡᠯ ᠦᠨ ᠬᠤᠷᠢᠶ᠎ᠠ᠂ 1984 ᠤᠨ ᠤ ᠬᠡᠪᠯᠡᠯ︶᠂ ︽ᠦᠪᠦᠷ ᠮᠤᠩᠭᠤᠯ ᠤᠨ ᠲᠡᠦᠭᠡ ᠵᠢᠨ ᠲᠤᠶᠢᠮᠤ︾  ︵ᠦᠪᠦᠷ ᠮᠤᠩᠭᠤᠯ ᠤᠨ ᠰᠤᠷᠭᠠᠨ ᠬᠦᠮᠦᠵᠢᠯ ᠦᠨ ᠬᠡᠪᠯᠡᠯ ᠦᠨ ᠬᠤᠷᠢᠶ᠎ᠠ᠂ 1990 ᠣᠨ ᠤ  ᠬᠡᠪᠯᠡᠯ︶ ᠵᠡᠷᠭᠡ ᠨᠣᠮ ᠡᠴᠠ ᠯᠠᠪᠯᠠᠪᠠ᠃
 
ᠢᠷᠡᠯᠲᠡ᠄ ︽ᠬᠦᠬᠡᠬᠤᠲᠠ ᠵᠢᠨ ᠬᠤᠪᠢᠰᠬᠠᠯ ᠤᠨ ᠲᠡᠦᠭᠡ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠡᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠡᠷ ᠬᠠᠭᠤᠯᠪᠤᠷᠢᠯᠠᠬᠤ ᠵᠢ ᠡᠷᠡᠰ ᠬᠤᠷᠢᠭᠯᠠᠨ᠎ᠠ 蒙ICP备16003084号-4号