ᠬᠥᠬᠡᠬᠤᠲᠠ ᠰᠢᠨ᠎ᠡ ᠲᠢᠲᠢᠮᠯᠢᠭ ᠸᠢᠷᠦ᠋ᠰ ᠢ ᠰᠢᠯᠭᠠᠨ ᠪᠠᠶᠢᠴᠠᠭᠠᠬᠤ ᠲᠥᠷᠥ ᠶᠢᠨ ᠪᠣᠳᠣᠯᠭ᠎ᠠ ᠶᠢ ᠳᠣᠭᠢᠷᠠᠭᠤᠯᠤᠨ ᠲᠡᠭᠦᠯᠳᠡᠷᠵᠢᠭᠦᠯᠵᠠᠢ
ᠨᠡᠶᠢᠲᠡᠯᠡᠭᠰᠡᠨ ᠴᠠᠭ᠄
2020-06-24
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠤᠷᠭᠤᠮᠠᠯ︶ ᠡᠮᠦᠨᠡᠭᠡᠨ᠂ ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠠᠴᠠ ᠣᠶᠢᠯᠠᠭᠠᠭᠰᠠᠨ ᠢᠶᠠᠷ᠂ ᠬᠥᠬᠡᠬᠤᠲᠠ ᠰᠢᠨ᠎ᠡ ᠲᠢᠲᠢᠮᠯᠢᠭ ᠸᠢᠷᠦ᠋ᠰ ᠢ ᠰᠢᠯᠭᠠᠨ ᠪᠠᠶᠢᠴᠠᠭᠠᠬᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠳᠣᠭᠢᠷᠠᠭᠤᠯᠤᠨ ᠲᠡᠭᠦᠯᠳᠡᠷᠵᠢᠭᠦᠯᠵᠠᠢ᠃      ᠣᠶᠢᠯᠠᠭᠠᠭᠰᠠᠨ ᠢᠶᠠᠷ᠂ ᠬᠥᠬᠡᠬᠤᠲᠠ ︽ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠥᠭᠡᠮ ᠬᠦᠴᠢᠯ ᠤᠨ ᠪᠠᠶᠢᠴᠠᠭᠠᠯᠳᠠ ᠬᠢᠬᠦ ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠤᠯᠪᠣᠭᠳᠠᠯ ᠪᠥᠬᠦᠶ ᠵᠦᠢᠯ ᠤᠨ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ︽ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ︾ ᠶᠢᠨ ᠲᠥᠷᠥᠯ ᠵᠦᠢᠯ ᠤᠨ ᠦᠨ᠎ᠡ ᠬᠠᠩᠰᠢ ᠶᠢ 160 ᠲᠥᠭᠦᠷᠢᠭ / ᠤᠳᠠᠭ᠎ᠠ ᠪᠣᠯᠭᠠᠨ ᠲᠣᠬᠢᠷᠠᠭᠤᠯᠵᠤ᠂ ᠡᠰᠡᠷᠭᠦᠴᠡᠭᠴᠢ ᠴᠣᠭᠴᠠ ᠶᠢᠨ ᠪᠠᠶᠢᠴᠠᠭᠠᠨ ᠰᠢᠯᠭᠠᠬᠤ ᠲᠥᠷᠥᠯ ᠵᠦᠢᠯ ᠤᠨ ᠦᠨ᠎ᠡ ᠬᠠᠩᠰᠢ ᠶᠢ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠵᠠᠢ᠃      ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠬᠥᠬᠡᠬᠤᠲᠠ ᠶᠢᠨ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳ᠋ᠦ‌‍ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠳᠠ ᠬᠢᠭᠰᠡᠨ ᠨᠢ ᠰᠢᠨ᠎ᠡ ᠡᠮᠨᠡᠯᠭᠡ ᠳᠤ ᠰᠠᠭᠤᠭᠰᠠᠨ ᠡᠪᠡᠳᠴᠢᠲᠡᠨ ᠪᠠ ᠬᠠᠯᠠᠭᠤᠷᠠᠭᠰᠠᠨ ᠡᠭᠦᠳᠡᠨ ᠡᠮᠨᠡᠯᠭᠡ ᠶᠢᠨ ᠡᠪᠡᠳᠴᠢᠲᠡᠨ ᠳᠤ ᠲᠣᠭᠠᠴᠠᠭᠳᠠᠨ᠎ᠠ᠂ ᠲᠦᠷ ᠴᠠᠭ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ ᠡᠭᠦᠳᠡᠨ ᠡᠮᠨᠡᠯᠭᠡ ᠶᠢᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠣᠰᠣᠭᠠᠷ ᠳᠠᠩᠰᠠᠨ ᠠᠴᠠ ᠲᠠᠶᠢᠯᠵᠤ᠂ ᠲᠣᠭᠠᠴᠠᠭ᠎ᠠ ᠬᠢᠬᠦ ᠬᠠᠮᠤᠭ ᠳᠣᠣᠷ᠎ᠠ ᠬᠢᠵᠠᠭᠠᠷ ᠱᠤᠭᠤᠮ ᠲᠤᠭᠳᠠᠭᠠᠬᠤ ᠦᠭᠡᠶ᠃ ᠡᠮᠨᠡᠯᠭᠡ ᠶᠢᠨ ᠳᠠᠭᠠᠳᠬᠠᠯ ᠤᠨ ᠲᠣᠭᠲᠠᠭᠠᠯ ᠶᠣᠰᠣᠭᠠᠷ ᠲᠣᠭᠠᠴᠠᠭ᠎ᠠ ᠬᠢᠭᠰᠡᠨ ᠤ ᠳᠠᠷᠠᠭ᠎ᠠ᠂ ᠬᠤᠪᠢ ᠬᠥᠮᠦᠨ ᠤ ᠡᠭᠦᠷᠭᠡᠯᠡᠬᠦ ᠰᠦᠢᠳᠬᠡᠯ ᠢ ᠡᠯ᠎ᠡ ᠱᠠᠲᠤᠨ ᠤ ᠵᠠᠰᠠᠭ ᠤᠨ ᠣᠷᠳᠣᠨ ᠠᠴᠠ ᠡᠭᠦᠷᠭᠡᠯᠡᠨ᠎ᠡ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠵᠦ ᠣᠯᠭᠤᠮᠵᠢ ᠬᠦᠷᠲᠡᠵᠦ ᠪᠠᠶᠢᠭ᠎ᠠ ᠬᠥᠮᠦᠰ ᠲᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠵᠢᠬᠦᠯᠦᠭᠰᠡᠨ ᠬᠠᠷᠠᠭᠠᠯᠵᠠᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠵᠦ᠂ ᠭᠤᠷᠪᠠᠳᠤᠭᠠᠷ ᠳᠡᠰ ᠤᠨ ᠲᠣᠭᠲᠠᠭᠰᠠᠨᠡᠮᠴᠢᠯᠡᠭᠡᠨ ᠤ ᠪᠠᠶᠢᠭᠤᠯᠤᠮᠵᠢ ᠳᠤ ᠪᠠᠶᠢᠴᠠᠭᠠᠯᠳᠠ ᠬᠢᠭᠰᠡᠨ ᠢ ᠨᠢ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠠᠴᠠ 60% ᠪᠠᠷ ᠲᠣᠭᠠᠴᠠᠭ᠎ᠠ ᠬᠢᠵᠦ᠂ ᠬᠤᠪᠢ ᠶᠢᠨ ᠰᠦᠢᠳᠬᠡᠯ ᠤᠨ ᠬᠡᠰᠡᠭ ᠢ ᠡᠮᠴᠢᠯᠡᠭᠡᠨ ᠤ ᠪᠠᠶᠢᠭᠤᠯᠤᠮᠵᠢ ᠠᠴᠠ ᠲᠠᠩᠰᠠᠯᠠᠨ ᠲᠡᠮᠳᠡᠭᠯᠡᠵᠦ ᠪᠦᠷᠢᠳᠬᠡᠭᠰᠡᠨ ᠤ ᠳᠠᠷᠠᠭ᠎ᠠ ᠵᠠᠰᠠᠭ ᠤᠨ ᠣᠷᠳᠣᠨ ᠠᠴᠠ ᠡᠭᠦᠷᠭᠡᠯᠡᠨ᠎ᠡ︔ ᠬᠤᠶᠠᠳᠤᠭᠠᠷ ᠳᠡᠰ ᠵᠢᠴᠢ ᠪᠤᠰᠤᠳ ᠲᠣᠭᠲᠠᠭᠰᠠᠨ ᠴᠡᠭ ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠪᠠᠶᠢᠴᠠᠭᠠᠯᠳᠠ ᠬᠢᠭᠰᠡᠨ ᠢ ᠨᠢ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠠᠴᠠ 80% ᠪᠠᠷ ᠲᠣᠭᠠᠴᠠᠭ᠎ᠠ ᠬᠢᠵᠦ᠂ ᠬᠤᠪᠢ ᠶᠢᠨ ᠰᠦᠢᠳᠬᠡᠯ ᠤᠨ ᠬᠡᠰᠡᠭ ᠢ ᠤᠷᠢᠳ ᠢᠶᠠᠷ ᠡᠮᠴᠢᠯᠡᠭᠡᠨ ᠤ ᠪᠠᠶᠢᠭᠤᠯᠤᠮᠵᠢ ᠠᠴᠠ ᠳᠠᠩᠰᠠᠯᠠᠨ ᠲᠡᠮᠳᠡᠭᠯᠡᠵᠦ ᠪᠦᠷᠢᠳᠬᠡᠭᠰᠡᠨ ᠤ ᠳᠠᠷᠠᠭ᠎ᠠ ᠵᠠᠰᠠᠭ ᠤᠨ ᠣᠷᠳᠣᠨ ᠠᠴᠠ ᠡᠭᠦᠷᠭᠡᠯᠡᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠣᠯᠭᠤᠮᠵᠢ ᠬᠦᠷᠲᠡᠵᠦ ᠪᠠᠶᠢᠭ᠎ᠠ ᠬᠥᠮᠥᠰ ᠲᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠵᠢᠬᠦᠯᠦᠭᠰᠡᠨ ᠬᠠᠷᠠᠭᠠᠯᠵᠠᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠵᠦ᠂ ᠭᠤᠷᠪᠠᠳᠤᠭᠠᠷ ᠳᠡᠰ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠪᠠᠶᠢᠴᠠᠭᠠᠯᠲᠠ ᠬᠢᠭᠰᠡᠨ ᠢ ᠨᠢ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦᠨ ᠠᠴᠠ 50% ᠪᠠᠷ ᠲᠣᠭᠠᠴᠠᠭ᠎ᠠ ᠬᠢᠵᠦ᠂ ᠬᠤᠪᠢ ᠶᠢᠨ ᠰᠦᠢᠳᠬᠡᠯ ᠤᠨ ᠬᠡᠰᠡᠭ ᠢ ᠤᠷᠢᠳ ᠢᠶᠠᠷ ᠡᠮᠴᠢᠯᠡᠭᠡᠨ ᠤ ᠪᠠᠶᠢᠭᠤᠯᠤᠮᠵᠢ ᠠᠴᠠ ᠲᠠᠩᠰᠠᠯᠠᠨ ᠲᠡᠮᠳᠡᠭᠯᠡᠵᠦ ᠪᠦᠷᠢᠳᠬᠡᠭᠰᠡᠨ ᠤ ᠳᠠᠷᠠᠭ᠎ᠠ ᠵᠠᠰᠠᠭ ᠤᠨ ᠣᠷᠳᠣᠨ ᠠᠴᠠ ᠡᠭᠦᠷᠭᠡᠯᠡᠨ᠎ᠡ︔ ᠬᠤᠶᠠᠳᠤᠭᠠᠷ ᠳᠡᠰ ᠵᠢᠴᠢ ᠪᠤᠰᠤᠳ ᠲᠣᠭᠲᠠᠭᠰᠠᠨ ᠴᠡᠭ ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠪᠠᠶᠢᠴᠠᠭᠠᠨ ᠰᠢᠯᠭᠠᠭᠰᠠᠨ ᠢ ᠨᠢ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠠᠴᠠ 60% ᠪᠠᠷ ᠲᠣᠭᠠᠴᠠᠭ᠎ᠠ ᠬᠢᠵᠦ᠂ ᠬᠤᠪᠢ ᠶᠢᠨ ᠰᠦᠢᠳᠬᠡᠯ ᠤᠨ ᠬᠡᠰᠡᠭ ᠢ ᠤᠷᠢᠤᠨ ᠢᠶᠠᠷ ᠡᠮᠴᠢᠯᠡᠭᠡᠨ ᠤ ᠪᠠᠶᠢᠭᠤᠯᠤᠮᠵᠢ ᠠᠴᠠ ᠳᠠᠩᠰᠠᠯᠠᠨ ᠲᠡᠮᠳᠡᠭᠯᠡᠵᠦ ᠪᠦᠷᠢᠳᠬᠡᠭᠰᠡᠨ ᠤ ᠳᠠᠷᠠᠭ᠎ᠠ ᠵᠠᠰᠠᠭ ᠤᠨ ᠣᠷᠳᠣᠨ ᠠᠴᠠ ᠡᠭᠦᠷᠭᠡᠯᠡᠨ᠎ᠡ᠃      ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠰᠠᠯᠠᠭ᠎ᠠ ᠮᠦᠴᠢᠷ ᠠᠴᠠ ᠨᠡᠶᠢᠲᠡᠯᠡᠨ ᠵᠠᠷᠯᠠᠭᠰᠠᠨ ᠰᠢᠯᠭᠠᠨ ᠪᠠᠶᠢᠴᠠᠭᠠᠬᠤ ᠬᠢᠷᠢ ᠬᠡᠮ ᠲᠠᠢ ᠡᠮᠴᠢᠯᠡᠭᠡᠨ ᠤ ᠪᠠᠶᠢᠭᠤᠯᠤᠮᠵᠢ ᠨᠤᠭᠤᠳ ︽ᠮᠡᠳᠡᠭᠳᠡᠯ︾ ᠤᠨ ᠲᠤᠭᠳᠠᠭᠠᠯ ᠶᠤᠰᠤᠭᠠᠷ ︽ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ︾ ᠬᠡᠪᠴᠢᠶᠡᠨ ᠳᠠᠬᠢ ᠬᠦᠮᠦᠰ ᠢ ᠪᠤᠳᠠᠳᠠᠢ ᠲᠣᠭᠲᠠᠭᠠᠨ᠎ᠠ᠃ ᠡᠭᠦᠨ ᠳᠤ᠂ ᠰᠢᠨ᠎ᠡ ᠪᠠᠷ ᠡᠮᠨᠡᠯᠭᠡ ᠳᠤ ᠰᠠᠭᠤᠭᠰᠠᠨ ᠡᠪᠡᠳᠴᠢᠳᠡᠨ ᠳᠤ᠂ ᠵᠠᠰᠠᠭ ᠤᠨ ᠤᠷᠳᠤᠨ ᠠᠴᠠ 1 ᠪᠠᠷ᠎ᠠ ᠪᠤᠯᠵᠦ ᠰᠤᠪᠢᠯᠠᠵᠦ ᠪᠠᠶᠢᠭ᠎ᠠ ᠭᠡᠷ ᠤᠨ ᠬᠦᠮᠦᠨ ᠤ ᠰᠢᠯᠭᠠᠨᠪᠠᠶᠢᠴᠠᠭᠠᠬᠤ ᠰᠦᠢᠳᠬᠡᠯ ᠢ ᠨᠢ ᠬᠠᠷᠢᠭᠤᠴᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号