ᠰᠢᠨ᠎ᠡ ᠬᠤᠲᠠ ᠲᠣᠭᠤᠷᠢᠭ 2020 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠣᠷᠣᠭᠴᠢ ᠡᠯᠰᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-28
   
     6 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2020 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠤᠭᠴᠢ ᠡᠯᠰᠡᠬᠦ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠤᠷᠭᠠᠨ ᠬᠥᠮᠦᠵᠢᠯ ᠤᠨ ᠶᠠᠮᠤᠨ ᠤ ︽ᠠᠷᠪᠠᠨ ᠵᠣᠶᠢᠯ ᠤᠨ ᠴᠢᠩᠭ᠎ᠠ ᠴᠠᠭᠠᠵᠠᠯᠠᠬᠤ︾ ᠰᠤᠷᠤᠭᠴᠢ ᠡᠯᠰᠡᠬᠦ ᠠᠵᠢᠯ ᠤᠨ ᠰᠠᠬᠢᠯᠭ᠎ᠠ ᠪᠠᠲᠤ ᠶᠢ  ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ 2020 ᠣᠨ ᠤ ᠰᠢᠨ᠎ᠡ ᠬᠤᠲᠠ ᠲᠣᠭᠤᠷᠢᠭ ᠤᠨ ︽ᠢᠯᠡ ᠪᠠᠷ ᠰᠣᠷᠣᠭᠴᠢ ᠡᠯᠰᠡᠬᠦ︾ ︽ᠢᠯᠡ ᠪᠠᠷ ᠠᠩᠭᠢ ᠬᠤᠪᠢᠶᠠᠬᠤ︾ ᠵᠡᠷᠭᠡ ᠬᠤᠯᠪᠤᠭᠳᠠᠯ ᠪᠥᠬᠦᠶ ᠠᠵᠢᠯ ᠤᠨ ᠠᠭᠤᠯᠭ᠎ᠠ ᠶᠢ ᠳᠣᠭᠢᠷᠠᠭᠤᠯᠤᠨ ᠪᠠᠶᠢᠷᠢᠯᠠᠭᠤᠯᠵᠤ᠂ ᠬᠠᠤᠯᠢ ᠶᠣᠰᠣᠭᠠᠷ ᠰᠤᠷᠭᠠᠭᠤᠯᠢ ᠡᠷᠬᠢᠯᠡᠬᠦ᠂ ᠰᠤᠷᠤᠭᠴᠢ ᠡᠯᠰᠡᠬᠦ ᠠᠵᠢᠯ ᠢ ᠵᠢᠷᠤᠮᠵᠢᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠦᠨᠡᠨᠬᠦ ᠬᠠᠮᠠᠭᠠᠯᠠᠵᠤ᠂ ᠰᠠᠶᠢᠨ ᠰᠠᠶᠢᠬᠠᠨ ᠰᠤᠷᠭᠠᠨ ᠬᠥᠮᠦᠵᠢᠯ ᠤᠨ ᠠᠮᠢ ᠠᠬᠤᠶ ᠶᠢ ᠪᠠᠶᠢᠭᠤᠯᠤᠨ᠎ᠠ᠃      ᠬᠤᠷᠠᠯ ᠠᠴᠠ ᠰᠢᠨ᠎ᠡ ᠬᠤᠲᠠ ᠲᠣᠭᠤᠷᠢᠭ ᠤᠨ 2020 ᠤᠨ ᠤ ᠰᠤᠷᠤᠭᠴᠢ ᠡᠯᠰᠡᠬᠦ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠪᠠᠶᠢᠷᠢᠯᠠᠭᠤᠯᠤᠯᠲᠠ ᠬᠢᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠲᠥᠷᠥ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠰᠤᠷᠤᠯᠭ᠎ᠠ ᠶᠢᠨ ᠬᠤᠭᠤᠴᠠᠭᠠᠨ ᠤ ᠰᠣᠷᠣᠭᠴᠢ ᠡᠯᠰᠡᠬᠦ ᠠᠵᠢᠯ ᠢ ᠰᠠᠶᠢᠲᠤᠷ ᠬᠢᠬᠦ ᠬᠡᠷᠡᠭᠲᠡᠢ ᠬᠡᠪᠡ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠪᠣᠯ ᠲᠥᠷᠦ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠥᠷᠭᠡᠨ᠂ ᠨᠡᠶᠢᠭᠡᠮ ᠤᠨ ᠠᠩᠬᠠᠷᠤᠯ ᠥᠨᠳᠥᠷ ᠣᠨᠴᠠᠭᠠᠶ ᠮᠥᠷᠲᠡᠭᠡᠨ ᠴᠢᠬᠤᠯᠠ ᠠᠵᠢᠯ ᠪᠣᠯᠤᠨ᠎ᠠ᠂ ᠡᠯ᠎ᠡ ᠰᠤᠷᠭᠠᠭᠤᠯᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠥᠨᠳᠥᠷᠴᠡ ᠠᠴᠠ ᠡᠭᠦᠰᠴᠦ᠂ ᠰᠤᠷᠭᠠᠨ ᠬᠥᠮᠦᠵᠢᠯ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠬᠠᠮᠠᠭᠠᠯᠠᠬᠤ ᠶᠡᠭᠡ ᠲᠠᠯ᠎ᠠ ᠠᠴᠠ ᠡᠭᠦᠰᠴᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢ ᠡᠯᠰᠡᠬᠦ ᠰᠤᠷᠭᠠᠭᠤᠯᠢ ᠳᠤ ᠣᠷᠣᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ ᠭᠡᠪᠡ᠃
     ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠷᠭᠠᠭᠤᠯᠢ᠂ ᠡᠯ᠎ᠡ ᠨᠢᠭᠡᠴᠡ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠠᠵᠢᠯ ᠡᠷᠢᠬᠦ ᠰᠤᠷᠲᠠᠯ ᠰᠠᠬᠢᠯᠭ᠎ᠠ ᠪᠠᠲᠤ ᠶᠢ ᠰᠢᠯᠭᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠳᠠᠯᠠᠵᠤ᠂ ᠰᠤᠷᠤᠭᠴᠢ ᠡᠯᠰᠡᠬᠦ ᠠᠵᠢᠯ ᠢ ᠥᠷᠨᠢᠭᠦᠯᠬᠦ ᠪᠠ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ  ᠠᠳᠬᠤᠵᠤ᠂ ᠰᠤᠷᠤᠭᠴᠢ ᠡᠯᠰᠡᠬᠦ ᠦᠢᠯᠡ ᠠᠵᠢᠯᠯᠠᠭ᠎ᠠ ᠶᠢ ᠴᠢᠩᠭ᠎ᠠ ᠳᠦᠷᠢᠮᠵᠢᠭᠦᠯᠵᠦ᠂ ︽ᠢᠯᠡ ᠪᠠᠷ ᠰᠤᠷᠤᠭᠴᠢ ᠡᠯᠰᠡᠬᠦ︾ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠠᠵᠢᠯ ᠣᠶᠢᠯᠠᠰᠴᠢ ᠰᠡᠳᠬᠢᠯ ᠢᠶᠠᠷ ᠠᠵᠢᠯ ᠤᠨ ᠨᠠᠶᠢᠲᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠤᠷᠤᠭᠴᠢ ᠡᠯᠰᠡᠬᠦ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠰᠤᠷᠭᠠᠨ ᠬᠥᠮᠦᠵᠢᠯ ᠤᠨ ᠳᠦᠷᠢ ᠲᠥᠷᠬᠦ ᠶᠢ ᠰᠠᠶᠢᠲᠤᠷ ᠬᠠᠮᠠᠭᠠᠯᠠᠵᠤ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃
     ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠨᠢᠭᠡᠴᠡ ᠰᠤᠷᠤᠭᠴᠢ ᠡᠯᠰᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠭᠤᠤᠯᠳᠠᠯᠭ᠎ᠠ ᠲᠠᠢ ᠡᠭᠦᠷᠭᠡ ᠶᠢ ᠣᠨᠣᠪᠴᠢᠲᠠᠶ ᠡᠵᠡᠮᠰᠢᠵᠦ᠂ ᠰᠤᠷᠤᠭᠴᠢ ᠡᠯᠰᠡᠬᠦ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ᠶᠢ ᠦᠨᠡᠨᠬᠦ ᠰᠠᠶᠢᠲᠤᠷ ᠬᠢᠵᠦ᠂ ᠰᠤᠷᠤᠭᠴᠢ ᠡᠯᠰᠡᠬᠦ ᠠᠵᠢᠯ ᠤᠨ ᠰᠠᠬᠢᠯᠭ᠎ᠠ ᠪᠠᠲᠤ ᠶᠢᠨ ᠪᠠᠲᠤᠯᠠᠭ᠎ᠠ ᠶᠢ ᠦᠨᠡᠨᠬᠦ ᠴᠢᠩᠭᠠᠳᠬᠠᠵᠤ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠭᠲᠠ ᠪᠠᠶᠢᠷᠢᠯᠠᠭᠤᠯᠵᠤ᠂ ᠤᠬᠠᠭᠤᠯᠭ᠎ᠠ ᠶᠢ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠦᠨᠡᠨᠬᠦ ᠪᠡᠶᠡᠯᠡᠭᠦᠯᠵᠦ᠂ ᠠᠵᠢᠯ ᠢᠶᠠᠨ ᠪᠣᠳᠠᠲᠠᠶ ᠨᠠᠷᠢᠯᠢᠭ ᠬᠢᠵᠦ᠂ 2020 ᠣᠨ ᠤ ᠰᠣᠷᠣᠭᠴᠢ ᠡᠯᠰᠡᠬᠦ ᠠᠵᠢᠯ ᠤᠨ ᠲᠣᠭᠲᠠᠭᠤᠨ ᠪᠦᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃       ᠲᠤᠭᠤᠷᠢᠭ ᠤᠨ ᠬᠠᠷᠢᠶ᠎ᠠ ᠪᠦᠬᠦᠢ ᠠᠯᠪᠠᠨ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠤᠶᠠᠳᠤᠭᠠᠷ ᠳᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠠᠷᠠᠳ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ ᠠᠵᠢᠯ ᠮᠡᠷᠭᠡᠵᠢᠯ ᠤᠨ ᠰᠤᠷᠭᠠᠭᠤᠯᠢ᠂ ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ ᠰᠤᠷᠭᠠᠨ ᠬᠥᠮᠦᠵᠢᠯ ᠤᠨ ᠲᠣᠪᠴᠢᠶᠠᠨ ᠤ ᠪᠠᠶᠢᠭᠤᠯᠭ᠎ᠠ ᠶᠢᠨ ᠬᠤᠯᠪᠤᠭᠳᠠᠯ ᠪᠦᠬᠦᠢ ᠠᠵᠢᠯᠲᠠᠨ ᠬᠤᠷᠠᠯ ᠳᠤ ᠤᠷᠤᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号