ᠬᠦᠬᠡᠬᠤᠳᠠ ᠡᠷᠦᠬᠡ ᠠᠮᠠ ᠶᠢᠨ ᠳᠠᠩᠰᠠ ᠶᠢ ᠴᠡᠭᠴᠡᠯᠡᠬᠦ ᠠᠵᠢᠯ ᠦᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2020-06-28
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠢᠨᠡᠪᠢᠯᠢᠭ︶ ᠲᠤᠯᠤᠳᠤᠭᠠᠷ ᠤᠳᠠᠭ᠎ᠠ ᠶᠢᠨ ᠪᠦᠬᠦ ᠤᠯᠤᠰ ᠤᠨ ᠬᠦᠮᠦᠨ ᠠᠮᠠ ᠶᠢ ᠨᠡᠶᠢᠳᠡᠮ ᠪᠠᠶᠢᠴᠠᠭᠠᠬᠤ ᠠᠵᠢᠯ ᠳᠤ ᠪᠦᠬᠦ ᠲᠠᠯ᠎ᠠ ᠪᠠᠷ ᠬᠠᠮᠵᠢᠵᠣ᠂ ᠡᠷᠦᠬᠡ ᠠᠮᠠ ᠶᠢᠨ ᠳᠠᠩᠰᠠ ᠶᠢᠨ ᠬᠠᠷᠢᠶ᠎ᠠ ᠶᠢᠨ ᠬᠥᠮᠥᠨ ᠠᠮᠠ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠦᠯᠦᠭᠡ᠂ ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ︽ᠲᠤᠯᠤᠳᠤᠭᠠᠷ ᠤᠳᠠᠭ᠎ᠠ ᠶᠢᠨ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠡᠷᠦᠬᠡ ᠠᠮᠠ ᠶᠢᠨ ᠳᠠᠩᠰᠠ ᠶᠢ ᠴᠡᠭᠴᠡᠯᠡᠬᠦ ᠠᠵᠢᠯ ᠦᠷᠨᠢᠬᠦᠯᠬᠦ ᠲᠤᠬᠠᠢ ᠵᠠᠷᠯᠠᠯ︾ ᠲᠠᠷᠤᠮᠠᠯᠯᠠᠨ ᠲᠠᠷᠬᠠᠭᠠᠵᠤ᠂ ᠪᠦᠬᠦ ᠬᠤᠲᠠ ᠶᠢᠨ ᠬᠡᠪᠴᠢᠶᠡᠨ ᠳᠡᠭᠡᠨ ᠲᠤᠯᠤᠳᠤᠭᠠᠷ ᠤᠳᠠᠭ᠎ᠠ ᠶᠢᠨ ᠪᠦᠬᠦ ᠤᠯᠤᠰ ᠤᠨ ᠬᠦᠮᠦᠨ ᠠᠮᠠ ᠶᠢ ᠪᠠᠶᠢᠴᠠᠭᠠᠬᠤ ᠠᠴᠠ ᠡᠮᠦᠨᠡᠬᠢ ᠡᠷᠦᠬᠡ ᠠᠮᠠ ᠶᠢᠨ ᠳᠠᠩᠰᠠ ᠶᠢ ᠴᠡᠭᠴᠡᠯᠡᠬᠦ ᠠᠵᠢᠯ ᠦᠷᠨᠢᠬᠦᠯᠬᠦ ᠪᠠᠷ ᠳᠣᠭᠳᠠᠪᠠ᠃      ᠰᠤᠷᠪᠤᠯᠵᠢᠯᠠᠬᠴᠢ ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ᠠᠴᠠ ᠤᠢᠢᠯᠠᠭᠠᠬᠰᠠᠨ ᠢᠶᠠᠷ᠂ ᠵᠠᠷᠯᠠᠯ ᠤᠨ ᠱᠠᠭᠠᠷᠳᠠᠯᠭ᠎ᠠ ᠶᠢ ᠦᠨᠳᠦᠰᠦᠯᠡᠨ ᠳᠣᠣᠷᠠᠬᠢ ᠳᠠᠪᠣᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠬᠢᠬᠦ ᠪᠣᠯᠣᠨ᠎ᠠ᠄ ᠨᠢᠬᠡ ᠨᠢ ᠡᠷᠦᠬᠡ ᠠᠮᠠ ᠶᠢᠨ ᠳᠠᠩᠰᠠ ᠦᠬᠡᠢ ᠬᠦᠮᠦᠰ ᠤᠨ ᠡᠷᠦᠬᠡ ᠠᠮᠠ ᠲᠠᠩᠰᠠᠯᠠᠭᠤᠯᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠨ᠎ᠡ᠃ ᠰᠢᠨ᠎ᠡ ᠲᠥᠷᠥᠭᠰᠡᠨ ᠬᠡᠦᠬᠡᠳ 1 ᠰᠠᠷ᠎ᠠ ᠶᠢᠨ ᠳᠣᠲᠣᠷ᠎ᠠ᠂ ᠡᠴᠢᠭᠡ ᠡᠬᠡ ᠨᠢ ᠪᠤᠶᠤ ᠪᠤᠰᠤᠳ ᠠᠰᠠᠷᠠᠨ ᠬᠠᠷᠠᠭᠠᠯᠵᠠᠭᠴᠢ ᠨᠢ ᠰᠠᠨᠠᠭᠠᠴᠢᠯᠠᠭ᠎ᠠ ᠠᠴᠠ ᠪᠠᠨ ᠡᠷᠦᠬᠡ ᠠᠮᠠ ᠲᠠᠩᠰᠠᠯᠠᠭᠤᠯᠬᠤ ᠪᠠᠷ ᠮᠡᠳᠡᠭᠦᠯᠬᠦ︔ ᠪᠣᠰᠣᠳ ᠡᠯ᠎ᠡ ᠵᠦᠢᠯ ᠤᠨ ᠡᠷᠦᠬᠡ ᠠᠮᠠ ᠶᠢᠨ ᠳᠠᠩᠰᠠ ᠦᠬᠡᠢ ᠬᠦᠮᠦᠰ ᠴᠦ ᠰᠠᠨᠠᠭᠠᠴᠢᠯᠠᠭ᠎ᠠ ᠠᠴᠠ ᠪᠠᠨ ᠰᠠᠭᠤᠭ᠎ᠠ ᠭᠠᠵᠠᠷ ᠤᠨ ᠢᠶᠠᠨ ᠲᠤᠮᠢᠯᠠᠬᠰᠠᠨ ᠰᠠᠯᠪᠤᠷᠢ ᠳᠤ ᠬᠦᠷᠴᠦ ᠡᠷᠦᠬᠡ ᠠᠮᠠ ᠲᠠᠩᠰᠠᠯᠠᠭᠤᠯᠬᠤ ᠪᠠᠷ ᠮᠡᠳᠡᠭᠦᠯᠪᠡᠯ ᠵᠣᠬᠢᠨ᠎ᠠ᠃ ᠬᠤᠶᠠᠷ ᠨᠢ ᠬᠠᠰᠤᠬᠤ ᠶᠤᠰᠤᠳᠠᠢ ᠪᠠᠶᠢᠲᠠᠯ᠎ᠠ ᠬᠠᠰᠤᠭᠠᠳᠤᠢ ᠡᠷᠦᠬᠡ ᠠᠮᠠ ᠶᠢᠨ ᠳᠠᠩᠰᠠ ᠶᠢ ᠪᠦᠬᠦ ᠲᠠᠯ᠎ᠠ ᠪᠠᠷ ᠢᠯᠭᠠᠷᠠᠭᠤᠯᠤᠨ ᠴᠡᠪᠡᠷᠯᠡᠨ᠎ᠡ᠃ ᠠᠷᠠᠳ ᠢᠷᠭᠡᠨ ᠴᠡᠷᠢᠭ ᠲᠤ ᠤᠷᠤᠬᠰᠠᠨ᠂ ᠭᠠᠳᠠᠭᠠᠳᠤ ᠤᠯᠤᠰ ᠤᠨ ᠬᠠᠷᠢᠶ᠎ᠠ ᠳᠤ ᠤᠷᠤᠬᠰᠠᠨ ᠪᠤᠶᠤ ᠦᠬᠦᠭᠰᠡᠨ ᠪᠤᠯ ᠲᠤᠰ ᠬᠦᠮᠦᠨ ᠪᠤᠶᠤ ᠣᠶᠢᠷ᠎ᠠ ᠰᠠᠳᠤᠨ  ᠨᠢ ᠴᠠᠬ ᠲᠤᠬᠠᠢ ᠳᠤᠨᠢ ᠡᠷᠦᠬᠡ ᠠᠮᠠ ᠶᠢᠨ ᠳᠠᠩᠰᠠ ᠶᠢᠨ ᠬᠢᠨᠢ ᠪᠠᠶᠢᠭ᠎ᠠ ᠭᠠᠵᠠᠷ ᠤᠨ ᠲᠤᠮᠢᠯᠠᠬᠰᠠᠨ ᠰᠠᠯᠪᠤᠷᠢ ᠳᠤ ᠬᠦᠷᠴᠦ ᠡᠷᠦᠬᠡ ᠠᠮᠠ ᠶᠢᠨ ᠳᠠᠩᠰᠠ ᠶᠢ ᠨᠢ ᠬᠠᠰᠤᠭᠤᠯᠬᠤ ᠭᠠᠷ ᠬᠦᠢᠴᠡᠳᠬᠡᠯ ᠬᠢᠬᠦ ᠴᠢᠬᠤᠯᠠᠳᠠᠢ᠃ ᠭᠤᠷᠪᠠ ᠨᠢ ᠲᠠᠪᠬᠤᠷᠳᠠᠬᠰᠠᠨ ︵ᠤᠯᠠᠨ︶ ᠡᠷᠦᠬᠡ ᠠᠮᠠ ᠶᠢᠨ ᠳᠠᠩᠰᠠ ᠶᠢ ᠪᠦᠬᠦ ᠲᠠᠯ᠎ᠠ ᠪᠠᠷ ᠢᠯᠭᠠᠷᠠᠭᠤᠯᠤᠨ ᠴᠡᠪᠡᠷᠯᠡᠨ᠎ᠡ᠃ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠵᠥᠪᠬᠡᠨ ᠨᠢᠭᠡ ᠡᠷᠦᠬᠡ ᠠᠮᠠ ᠶᠢᠨ  ᠳᠠᠩᠰᠠ ᠲᠠᠢ᠂ ᠲᠦᠪ ᠪᠤᠰᠤ ᠠᠷᠭ᠎ᠠ ᠵᠠᠮ ᠢᠶᠠᠷ ᠳᠠᠮᠵᠢᠭᠤᠯᠤᠨ ᠬᠤᠶᠠᠷ ᠪᠤᠶᠤ ᠣᠯᠠᠨ ᠡᠷᠦᠬᠡ ᠠᠮᠠ ᠶᠢᠨ ᠳᠠᠩᠰᠠ ᠣᠯᠣᠭᠰᠠᠨ ᠪᠠᠶᠢᠪᠠᠯ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠲᠣᠭᠠᠴᠠᠭᠳᠠᠨ᠎ᠠ᠂ ᠡᠷᠬᠡᠪᠰᠢ ᠬᠠᠤᠯᠢ ᠪᠤᠰᠤ ᠪᠠᠷ ᠣᠯᠣᠭᠰᠠᠨ ᠡᠷᠦᠬᠡ ᠠᠮᠠ ᠶᠢᠨ ᠳᠠᠩᠰᠠ ᠪᠠᠨ ᠬᠠᠰᠤᠭᠤᠯᠬᠤ ᠬᠡᠷᠡᠭᠳᠡᠢ᠃ ᠳᠥᠷᠪᠡ ᠨᠢ ᠨᠡᠶᠢᠲᠡ ᠶᠢᠨ ᠡᠷᠦᠬᠡ ᠠᠮᠠ ᠶᠢᠨ ᠳᠠᠩᠰᠠ ᠶᠢ ᠢᠯᠭᠠᠷᠠᠭᠤᠯᠤᠨ ᠴᠡᠪᠡᠷᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠦᠨ᠎ᠡ᠃ ᠲᠠᠪᠤ ᠨᠢ ᠡᠷᠦᠬᠡ ᠠᠮᠠ ᠲᠠᠩᠰᠠᠯᠠᠭᠤᠯᠤᠬᠰᠠᠨ ᠲᠦᠷᠦᠯ ᠵᠦᠢᠯ ᠨᠢ ᠲᠤᠰ ᠬᠦᠮᠦᠨ ᠤ ᠪᠤᠳᠠᠳᠣ ᠪᠠᠶᠢᠳᠠᠯ ᠲᠠᠢ ᠨᠡᠶᠢᠴᠡᠬᠦ ᠦᠬᠡᠢ ᠪᠤᠶᠤ ᠲᠠᠰᠢᠶ᠎ᠠ ᠪᠤᠷᠤᠭᠤ ᠪᠠᠶᠢᠬᠤ ᠳᠤ ᠬᠦᠷᠪᠡᠯ ᠬᠠᠮᠢᠶ᠎ᠠ ᠪᠦᠬᠦᠢ ᠦᠨᠡᠮᠯᠡᠯ ᠢᠶᠠᠨ ᠠᠪᠴᠤ ᠡᠷᠦᠬᠡ ᠠᠮᠠ ᠶᠢᠨ ᠳᠠᠩᠰᠠ ᠶᠢᠨ ᠪᠠᠶᠢᠭ᠎ᠠ ᠭᠠᠵᠠᠷ ᠤᠨ ᠲᠤᠮᠢᠯᠠᠬᠰᠠᠨ ᠰᠠᠯᠪᠤᠷᠢ ᠳᠠᠭᠠᠨ ᠬᠦᠷᠴᠦ ᠬᠠᠯᠠᠨ ᠦᠬᠡᠷᠡᠴᠢᠯᠡᠵᠦ ᠪᠣᠯᠣᠨ᠎ᠠ᠂ ᠠᠷᠠᠳ ᠢᠷᠭᠡᠨ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠰᠡᠨ ᠪᠠᠶᠢᠪᠠᠯ ᠴᠠᠬ ᠲᠤᠬᠠᠢ ᠳᠤᠨᠢ ᠪᠡᠶ᠎ᠡ ᠶᠢᠨ ᠦᠨᠡᠮᠯᠡᠯ ᠬᠢᠯᠬᠡᠬᠦ ᠶᠤᠰᠤᠳᠠᠢ᠃      ᠡᠷᠦᠬᠡ ᠠᠮᠠ ᠶᠢᠨ ᠳᠠᠩᠰᠠ ᠶᠢ ᠴᠡᠭᠴᠡᠯᠡᠬᠦ ᠠᠵᠢᠯ ᠨᠢ᠂ ᠲᠦᠭ ᠲᠦᠮᠡᠨ ᠠᠶᠢᠯ ᠡᠷᠦᠬᠡ ᠲᠠᠢ ᠬᠤᠯᠪᠤᠬᠳᠠᠵᠤ ᠂ ᠠᠷᠠᠳ ᠢᠷᠭᠡᠨ ᠪᠤᠯᠭᠠᠨ ᠤ ᠲᠤᠰ ᠪᠡᠶ᠎ᠡ ᠶᠢᠨ ᠠᠰᠢᠬ ᠲᠤᠰᠠ ᠲᠠᠢ ᠬᠤᠯᠪᠣᠭᠳᠠᠨ᠎ᠠ᠃ ᠳᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠥᠷᠭᠡᠨ ᠣᠯᠠᠨ ᠬᠤᠲᠠ ᠶᠢᠨ ᠠᠷᠠᠳ ᠢ ᠢᠳᠡᠪᠬᠢᠳᠡᠢ ᠤᠷᠤᠯᠴᠠᠨ ᠬᠠᠮᠵᠢᠯᠴᠠᠵᠤ᠂ ᠡᠷᠦᠬᠡ ᠠᠮᠠ ᠶᠢᠨ ᠳᠠᠩᠰᠠ ᠳᠤ ᠤᠷᠤᠰᠢᠵᠤ ᠪᠠᠶᠢᠭ᠎ᠠ ᠠᠰᠠᠭᠤᠳᠠᠯ ᠢᠶᠠᠨ ᠪᠦᠳᠦᠮᠵᠢᠳᠡᠢ ᠰᠢᠢᠳᠪᠦᠷᠢᠯᠡᠬᠦ ᠶᠢ ᠬᠦᠰᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号