ᠬᠤᠲᠠ ᠶᠢᠨ ᠵᠠᠰᠠᠭ ᠤᠨ ᠣᠷᠳᠣᠨ 2020 ᠣᠨ ᠤ 24 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-28
       ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 6 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 24 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠥᠬᠡᠬᠤᠲᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠶᠢ ᠨᠡᠶᠢᠲᠡ ᠳᠤ ᠵᠠᠷᠯᠠᠬᠤ ᠬᠠᠤᠯᠢ ᠬᠡᠷᠡᠭᠵᠢᠬᠦᠯᠬᠦ ᠪᠦᠬᠦ ᠶᠠᠪᠤᠴᠠ ᠶᠢ ᠰᠢᠩᠭᠡᠭᠡᠨ ᠲᠡᠮᠳᠡᠭᠯᠡᠬᠦ ᠬᠠᠤᠯᠢ ᠬᠡᠷᠡᠭᠵᠢᠬᠦᠯᠬᠦ ᠴᠢᠬᠤᠯᠠ ᠶᠡᠭᠡ ᠰᠢᠢᠳᠪᠦᠷᠢ ᠶᠢ ᠬᠠᠤᠯᠢ ᠲᠦᠷᠢᠮ ᠢᠶᠠᠷ ᠬᠢᠨᠠᠨ ᠬᠠᠷᠭᠤᠭᠤᠯᠬᠤ ᠠᠷᠭ᠎ᠠ﹀  ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠬᠤ ᠬᠤᠲᠠ ᠶᠢᠨ ᠲᠤᠰ ᠱᠠᠲᠤᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠴᠡᠪᠡᠷᠯᠡᠨ ᠢᠯᠭᠠᠷᠠᠭᠤᠯᠬᠤ ᠵᠡᠷᠭᠡ ᠠᠵᠢᠯ ᠢ ᠰᠤᠳᠤᠯᠪᠠ᠃      ᠬᠤᠷᠠᠯ ᠠᠴᠠ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠨᠢ᠂ ᠮᠠᠨ ᠤ ᠣᠳᠣᠬᠠᠨ ᠤ ᠪᠠ ᠬᠤᠵᠢᠮ ᠤᠨ ᠨᠢᠭᠡ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠷᠠᠳ ᠣᠯᠠᠨ ᠲᠦᠮᠡᠨ ᠢ ᠴᠠᠭ ᠢᠮᠠᠭᠲᠠ ᠰᠡᠳᠬᠢᠯ ᠤᠨ ᠢᠶᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠨᠡᠨ ᠬᠦ ᠪᠣᠳᠠᠲᠠᠢ ᠦᠢᠯᠡᠳᠦᠯᠭᠡ ᠳᠤᠮᠳᠠ ᠨᠠᠶᠢᠳᠠᠪᠤᠷᠢᠵᠢᠭᠤᠯᠤᠨ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠵᠢᠭᠠᠭᠰᠠᠨ ᠨᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢ ᠵᠠᠬ᠎ᠠ ᠳᠡᠯᠭᠡᠭᠦᠷ ᠤᠨ ᠭᠤᠣᠯ ᠴᠣᠭᠴᠠ᠂ ᠥᠷᠭᠡᠨ ᠣᠯᠠᠨ ᠲᠦᠮᠡᠨ ᠲᠠᠢ ᠨᠢᠭᠲᠠ ᠬᠠᠷᠢᠴᠠᠭ᠎ᠠ ᠲᠠᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠷᠠᠭᠠᠯᠠᠯ ᠢ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠨ᠂ ᠵᠢᠷᠤᠮᠵᠢᠯ ᠲᠠᠢ᠂ ᠲᠥᠪ ᠭᠤᠣᠯᠴᠢ᠂ ᠪᠣᠯᠪᠠᠰᠤᠨ ᠬᠠᠤᠯᠢ ᠬᠡᠷᠡᠭᠵᠢᠭᠦᠯᠦᠯᠲᠡ ᠶᠢ ᠠᠬᠢᠭᠤᠯᠬᠤ ᠨᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ᠂ ᠵᠠᠰᠠᠭ ᠤᠨ ᠣᠷᠳᠣᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠳᠠᠲᠠᠢ ᠢᠯᠡᠷᠡᠯ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ︽ᠠᠷᠭ᠎ᠠ︾ ᠪᠠ ᠮᠠᠨ ᠤ ᠬᠤᠲᠠ ᠶᠢᠨ ︽ᠠᠷᠭ᠎ᠠ ᠬᠡᠮᠵᠢᠶ᠎ᠡ ᠨᠦᠭᠦᠳ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠠᠷᠯᠠᠯ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ᠂ ᠴᠢᠬᠤᠯᠠ ᠶᠡᠭᠡ ᠬᠠᠤᠯᠢ ᠬᠡᠷᠡᠭᠵᠢᠭᠦᠯᠦᠯᠲᠡ ᠶᠢᠨ ᠰᠢᠢᠳᠪᠦᠷᠢ ᠶᠢ ᠬᠠᠤᠯᠢ ᠲᠦᠷᠢᠮ  ᠢᠶᠠᠷ ᠬᠢᠨᠠᠨ ᠬᠠᠷᠭᠤᠭᠤᠯᠬᠤ ︽ᠭᠤᠷᠪᠠᠨ ᠳᠦᠷᠢᠮ︾ ᠤᠨ ᠪᠣᠳᠠᠲᠠᠢ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠳᠤᠮᠳᠠ ᠦᠨᠡᠨ ᠬᠦ ᠲᠥᠪ ᠴᠢᠩᠭ᠎ᠠ᠂ ᠵᠢᠷᠤᠮᠵᠢᠯ ᠲᠠᠢ᠂ ᠲᠥᠪ ᠭᠤᠣᠯᠴᠢ᠂ ᠪᠣᠯᠪᠠᠰᠤᠨ ᠪᠠᠶᠢᠬᠤ ᠬᠡᠷᠡᠭᠲᠡᠢ ᠭᠡᠪᠡ᠃      ᠬᠤᠷᠠᠯ ᠠᠴᠠ ᠵᠢᠭᠠᠭᠰᠠᠨ ᠨᠢ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠴᠠᠭᠠᠵᠠ ᠳᠦᠷᠢᠮ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠨᠢ᠂ ᠶᠡᠷᠦᠩᠬᠡᠢ ᠱᠦᠵᠢ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠮᠠᠨ ᠤ ᠣᠷᠣᠨ ᠳᠤ  ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠡᠭᠦᠨ ᠳᠤ ᠬᠤᠯᠪᠣᠭᠳᠠᠬᠤ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠴᠡᠪᠡᠷᠯᠡᠯᠲᠡ ᠬᠢᠬᠦ ᠨᠢ᠂ ᠲᠡᠭᠦᠨ ᠤ ᠨᠢᠭᠡᠨ ᠴᠢᠬᠤᠯᠠ ᠦᠨᠳᠦᠰᠦᠨ ᠠᠵᠢᠯ ᠪᠣᠯᠣᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠶᠢᠨ ᠲᠤᠶᠢᠯ ᠤᠨ ᠴᠢᠬᠤᠯᠠ ᠴᠢᠨᠠᠷ ᠪᠠ ᠪᠣᠳᠠᠲᠠᠢ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠬᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠴᠡᠪᠡᠷᠯᠡᠨ ᠢᠯᠭᠠᠷᠠᠭᠤᠯᠬᠤ ᠠᠵᠢᠯ ᠢ ᠲᠤᠶᠢᠯᠪᠤᠷᠢᠲᠠᠢ ᠬᠢᠵᠦ᠂ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠠᠵᠢᠯ ᠳᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠭᠡᠪᠡ      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃      ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠸᠠᠩ ᠬᠤᠤ ᠯᠧᠢ᠂ ᠪᠢ ᠭᠥᠸᠧ ᠴᠧᠨ᠂ ᠵᠸᠦ ᠴᠢᠶᠠᠩ᠂ ᠹᠦ᠋ ᠪᠢᠨ᠂ ᠴᠢᠶᠥᠥ ᠶᠦᠨ ᠯᠢ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠬᠤᠷᠠᠯ ᠳᠤ ᠣᠷᠣᠯᠴᠠᠪᠠ᠃ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号