ᠬᠦᠬᠡᠬᠤᠳᠠ ᠶᠢᠨ 26729 ᠰᠢᠯᠭᠠᠭᠤᠯᠤᠭᠴᠢ ᠤᠯᠤᠰ ᠤᠨ ᠨᠢᠬᠡᠳᠦᠯᠳᠡᠢ ᠰᠢᠯᠭᠠᠯᠳᠠ ᠳᠤ ᠣᠷᠣᠯᠴᠠᠨ᠎ᠠ
ᠨᠡᠶᠢᠲᠡᠯᠡᠭᠰᠡᠨ ᠴᠠᠭ᠄
2020-06-28
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠲᠦᠷᠦᠭᠦᠬᠡᠨ ᠶᠠᠪᠤᠭᠳᠠᠭᠰᠠᠨ ᠬᠥᠬᠡᠬᠤᠲᠠ ᠶᠢᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠤᠨ ᠠᠵᠢᠯ ᠤᠨ ᠲᠧᠯᠧᠢᠰ ᠤᠳᠠᠰᠤ ᠬᠤᠷᠠᠯ ᠠᠴᠠ ᠤᠢᠢᠯᠠᠭᠠᠭᠰᠠᠨ ᠢᠶᠠᠷ᠂ 2020 ᠣᠨ ᠳᠤ ᠬᠥᠬᠡᠬᠤᠲᠠ ᠤᠷᠤᠨ ᠳᠤ ᠤᠯᠤᠰ ᠤᠨ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠦᠭᠰᠡᠳ 26729 ᠪᠠᠶᠢᠵᠤ᠂ ᠰᠢᠯᠭᠠᠯᠲᠠ ᠳᠤ ᠤᠷᠤᠯᠴᠠᠭᠰᠠᠳ ᠤᠨ ᠲᠤᠭ᠎ᠠ ᠨᠢᠳᠤᠨᠤᠨ ᠤ ᠬᠢ ᠠᠴᠠ 519 ᠨᠡᠮᠡᠭᠳᠡᠵᠡᠶ᠃ ᠨᠡᠶᠢᠲᠡ 9 ᠰᠢᠯᠭᠠᠯᠲᠠ ᠶᠢᠨ ᠲᠣᠭᠤᠷᠢᠭ᠂ 22 ᠰᠢᠯᠭᠠᠯᠲᠠ ᠶᠢᠨ ᠴᠡᠭ᠂ 738 ᠰᠢᠯᠭᠠᠯᠲᠠ ᠶᠢᠨ ᠲᠠᠯᠠᠪᠠᠶ ᠳᠤᠬᠢᠷᠠᠭᠤᠯᠪᠠ᠃ ᠪᠥᠬᠦ ᠬᠤᠲᠠ ᠶᠢᠨ ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠳ 28268 ᠪᠠᠶᠢᠵᠤ᠂ ᠨᠢᠳᠤᠨᠤᠨ ᠤ ᠬᠢ ᠠᠴᠠ 5276 ᠬᠥᠮᠥᠨ ᠢᠯᠡᠭᠦᠦ ᠪᠣᠯᠣᠨ᠎ᠠ᠃      ᠬᠤᠷᠠᠯ  ᠠᠴᠠ᠂ ᠪᠦᠬᠦ ᠤᠯᠤᠰ ᠤᠨ ᠪᠠ ᠪᠦᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠦᠷᠢᠶᠡᠨ ᠳᠠᠬᠢ ᠠᠮᠤᠷ ᠲᠦᠪᠰᠢᠨ ᠤ ᠪᠠᠶᠢᠳᠠᠯ ᠢ ᠭᠦᠨᠵᠡᠭᠡᠶ ᠵᠠᠳᠠᠯᠤᠨ ᠰᠤᠳᠤᠯᠵᠤ᠂ ᠰᠣᠷᠣᠭᠴᠢ ᠡᠯᠰᠡᠬᠦ ᠰᠢᠯᠭᠠᠯᠲᠠ ᠶᠢᠨ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠳᠡᠢ᠃ ᠡᠨᠡ ᠵᠢᠯ ᠤᠨ ᠶᠡᠭᠡ ᠳᠡᠬᠡᠳᠤ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠤᠨ ᠬᠦᠨᠳᠤ ᠰᠦᠷᠡᠬᠡᠢ ᠴᠢᠨᠠᠷ᠂ ᠪᠤᠳᠤᠯᠢᠶᠠᠨᠲᠤ ᠴᠢᠨᠠᠷ ᠢ ᠭᠦᠨᠵᠡᠭᠡᠶ ᠲᠠᠨᠢᠵᠤ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠨᠳᠤᠯᠭᠠᠲᠤ ᠴᠢᠨᠠᠷᠲᠠᠶ ᠲᠥᠰᠦᠯ ᠲᠣᠭᠲᠠᠭᠠᠵᠤ᠂ ᠠᠯᠢᠪᠠ ᠠᠵᠢᠯ ᠳᠤ ᠪᠣᠯᠭᠤᠮᠵᠢᠲᠠᠶ᠂ ᠬᠢᠨᠠᠮᠠᠭᠠᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠢ ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠠᠳᠬᠤᠬᠤ ᠬᠡᠷᠡᠭᠲᠡᠢ︔ ᠥᠨᠳᠥᠷ ᠪᠠᠷᠢᠮᠵᠢᠶ᠎ᠠ ᠪᠠ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭ᠎ᠠ ᠠᠳᠬᠤᠵᠤ᠂ ᠶᠡᠭᠡ ᠳᠡᠭᠡᠳᠦ ᠰᠤᠷᠭᠠᠭᠤᠯᠢ ᠳᠤ ᠰᠢᠯᠭᠠᠬᠤ ᠰᠢᠯᠭᠠᠯᠲᠠ ᠶᠢᠨ ᠠᠮᠤᠷ ᠲᠦᠪᠰᠢᠨ ᠢ ᠪᠠᠲᠤᠯᠠᠵᠤ᠂ ᠰᠢᠯᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠯᠲᠠ ᠶᠢᠨ ᠲᠠᠯᠠᠪᠠᠶ ᠶᠢᠨ ᠡᠮᠬᠢ ᠳᠢᠭᠯᠢᠮ ᠢ ᠬᠠᠮᠠᠭᠠᠯᠠᠵᠤ᠂ ᠰᠢᠯᠭᠠᠭᠤᠯᠤᠭᠰᠠᠳ ᠲᠤ ᠬᠠᠨᠭ᠍ᠭᠠᠬᠤ ᠦᠢᠯᠡᠴᠢᠯᠡᠭᠡ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号