ᠤᠳᠬ᠎ᠠ ᠤᠷᠠᠯᠢᠭ ᠤᠨ ᠰᠣᠳᠤᠨ ᠪᠦᠳᠦᠭᠡᠯ ᠦᠵᠡᠮᠵᠢ ᠶᠢᠨ ᠤᠷᠤᠨ ᠳᠤ ᠲᠤᠭᠯᠠᠭᠳᠠᠯ᠎ᠠ
ᠨᠡᠶᠢᠲᠡᠯᠡᠭᠰᠡᠨ ᠴᠠᠭ᠄
2020/6/28
     6 ᠳ᠋ᠤᠭᠠᠷ ᠰᠠᠷ᠎ᠠ ᠶᠢᠨ 25 ᠤ ᠡᠳᠦᠷ᠂ ᠶᠡᠭᠡ ᠵᠣᠣ ᠶᠢᠨ ᠠᠭᠤᠳᠠᠮ ᠲᠠᠯᠠᠪᠠᠢ  ᠲᠠᠭᠤᠤ ᠬᠤᠭᠤᠷ ᠤᠨ  ᠠᠶᠠᠯᠭᠤᠨ ᠲᠠᠢ᠂ ᠤᠷᠠᠨ ᠪᠦᠵᠢᠭ ᠤᠨ ᠨᠠᠬᠢᠯᠵᠠᠭ᠎ᠠ ᠲᠠᠢ  ᠃ ︽ᠴᠢᠨᠡᠭᠡᠯᠢᠭ ᠨᠡᠶᠢᠭᠡᠮ ᠢ ᠪᠡᠶᠡᠯᠡᠭᠦᠯᠬᠦ ᠳᠤ ᠨᠢᠭᠡ ᠰᠡᠳᠬᠢᠯ ᠨᠢᠭᠡ ᠵᠣᠷᠢᠭ ᠢᠶᠠᠷ ᠤᠷᠤᠭᠰᠢᠯᠠᠶ᠎ᠠ︾ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ 2020 ᠣᠨ ᠤ ᠪᠠᠶᠠᠷ ᠲᠤᠷᠠᠰᠬᠠᠯ ᠠᠮᠠᠷᠠᠯᠲᠠ ᠶᠢᠨ ᠡᠳᠦᠷ ᠤᠨ ᠰᠣᠳᠣᠨ ᠪᠦᠲᠦᠭᠡᠯ ᠤᠨ ᠤᠳᠬ᠎ᠠ ᠤᠷᠠᠯᠢᠭ ᠤᠨ ᠲᠣᠭᠯᠠᠯᠲᠠ ᠦᠵᠡᠮᠵᠢ ᠶᠢᠨ ᠣᠷᠣᠨ ᠳᠤ ᠣᠷᠣᠬᠤ ᠬᠥᠳᠡᠯᠭᠡᠭᠡᠨ ᠠᠳᠡ ᠶᠠᠪᠤᠭᠳᠠᠪᠠ᠃      ᠲᠠᠨᠢᠯᠴᠠᠭᠤᠯᠤᠭᠰᠠᠨ ᠢᠶᠠᠷ᠂ 6 ᠳ᠋ᠤᠭᠠᠷ ᠰᠠᠷ᠎ᠠ ᠶᠢᠨ 25 ᠠᠴᠠ 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠦᠨᠳᠦᠰᠦᠲᠡᠨ ᠤ ᠤᠳᠬ᠎ᠠ ᠤᠷᠠᠯᠢᠭ ᠤᠨ ᠵᠦᠴᠦᠭᠡ ᠶᠢᠨ ᠬᠦᠷᠢᠶᠡᠯᠡᠩ ᠠᠴᠠ ᠳᠠᠭᠠᠭᠠᠴᠢᠯᠠᠨ ᠡᠷᠬᠢᠯᠡᠭᠰᠡᠨ ︽ᠴᠢᠨᠡᠭᠡᠯᠢᠭ ᠨᠡᠶᠢᠭᠡᠮ ᠢ ᠪᠡᠶᠡᠯᠡᠭᠦᠯᠬᠦ ᠳᠤ ᠨᠢᠭᠡ ᠰᠡᠳᠬᠢᠯ ᠨᠢᠭᠡ ᠵᠣᠷᠢᠭ ᠢᠶᠠᠷ ᠤᠷᠤᠭᠰᠢᠯᠠᠶ᠎ᠠ︾ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ 2020 ᠣᠨ ᠤ ᠪᠠᠶᠠᠷ ᠲᠤᠷᠠᠰᠬᠠᠯ ᠠᠮᠠᠷᠠᠯᠲᠠ ᠶᠢᠨ ᠡᠳᠦᠷ ᠤᠨ ᠰᠣᠳᠣᠨ ᠪᠦᠲᠦᠭᠡᠯ ᠤᠨ ᠤᠳᠬ᠎ᠠ ᠤᠷᠠᠯᠢᠭ ᠤᠨ ᠲᠣᠭᠯᠠᠯᠲᠠ ᠦᠵᠡᠮᠵᠢ ᠶᠢᠨ ᠣᠷᠣᠨ ᠳᠤ ᠣᠷᠣᠬᠤ ᠬᠥᠳᠡᠯᠭᠡᠭᠡᠨ ᠶᠡᠭᠡ ᠵᠣᠣ ᠶᠢᠨ ᠲᠡᠦᠬᠡ ᠰᠣᠶᠣᠯ ᠤᠨ ᠵᠢᠭᠤᠯᠴᠢᠯᠠᠯ ᠤᠨ ᠣᠷᠣᠨ ᠤ ᠲᠠᠯᠠᠪᠠᠢ᠂ ᠷᠤ᠋ ᠢ ᠲᠠᠯᠠᠪᠠᠢ᠂ ᠰᠢᠨ᠎ᠡ ᠬᠤᠲᠠ ᠲᠣᠭᠤᠷᠢᠭ ᠤᠨ ᠣᠪᠣᠭ᠎ᠠ ᠲᠣᠰᠬᠤᠨ᠂ ᠵᠣᠣ ᠵᠢᠶᠦ᠋ᠨ ᠮᠦᠽᠧᠢ ᠵᠡᠷᠭᠡ 4 ᠦᠵᠡᠮᠵᠢ ᠶᠢᠨ ᠣᠷᠣᠨ ᠳᠤ ᠵᠡᠷᠭᠡᠪᠡᠷ ᠶᠠᠪᠤᠭᠳᠠᠵᠤ᠂ 30 ᠭᠠᠷᠤᠢ ᠲᠠᠯᠠᠪᠠᠢ ᠰᠣᠳᠣᠨ ᠪᠦᠲᠦᠭᠡᠯ ᠤᠨ ᠤᠳᠬ᠎ᠠ ᠤᠷᠠᠯᠢᠭ ᠤᠨ ᠲᠣᠭᠯᠠᠯᠲᠠ ᠭᠠᠷᠭᠠᠵᠤ᠂ ᠣᠯᠠᠨ ᠲᠦᠮᠡᠨ ᠳᠤ ᠨᠢᠭᠡ ᠴᠠᠭ ᠤᠨ ᠲᠠᠯ᠎ᠠ ᠨᠤᠲᠤᠭ ᠤᠨ ᠰᠣᠶᠣᠯ ᠤᠨ ᠤᠳᠬ᠎ᠠ ᠤᠷᠠᠯᠢᠭ ᠤᠨ ᠨᠠᠶᠢᠷ ᠢ ᠬᠠᠷᠠᠭᠤᠯᠪᠠ᠃ ᠲᠤᠰ ᠠᠵᠢᠯᠯᠠᠭ᠎ᠠ ᠶᠢ ᠡᠷᠬᠢᠯᠡᠭᠰᠡᠨ ᠨᠢ᠂ ᠰᠣᠶᠣᠯ ᠵᠢᠭᠤᠯᠴᠢᠯᠠᠯ ᠤᠨ ᠠᠵᠢᠯ ᠲᠦᠷᠦᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ  ᠰᠡᠷᠬᠦᠬᠡᠬᠦ ᠶᠢ ᠠᠬᠢᠭᠤᠯᠵᠤ᠂  ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠳᠠᠶᠢᠴᠢᠯᠠᠨ᠂ ᠣᠯᠠᠨ ᠲᠦᠮᠡᠨ ᠤ ᠣᠯᠠᠨ ᠶᠠᠩᠵᠤ ᠶᠢᠨ ᠰᠣᠶᠣᠯ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠬᠤ ᠶᠢ ᠵᠣᠷᠢᠵᠠᠢ᠃ᠰᠤᠷᠪᠤᠯᠵᠢᠯᠠᠭᠴᠢ ᠸᠠᠩ ᠵᠦᠩ ᠵᠸᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ