ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠮᠠᠨ ᠤ ᠬᠤᠲᠠ ᠶᠢᠨ ᠬᠠᠳᠤᠨ ᠭᠤᠣᠯ ᠳᠠᠭᠠᠤ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-06-29
     6 ᠳ᠋ᠤᠭᠠᠷ ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢᠶᠠᠨ ᠰᠦ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ᠂ ᠮᠠᠨ ᠤ ᠬᠤᠲᠠ ᠶᠢᠨ ᠬᠠᠲᠤᠨ ᠭᠤᠤᠯ ᠳᠠᠭᠠᠤ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠵᠢᠶᠠᠨ ᠳ᠋ᠦᠩ᠂ ᠳᠡᠳ᠋ ᠡᠷᠬᠢᠯᠡᠭᠴᠢ ᠭᠦᠸᠧ ᡁᠢ ᠭᠠᠩ᠂ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠴᠢᠶᠣᠤ ᠶᠦᠨ ᠯᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠵᠠᠩ ᠰᠢᠶᠣᠤ ᠹᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠴᠢᠩ ᠱᠦᠶ ᠾᠧ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠶᠠᠷᠢᠯᠴᠠᠬᠤ ᠬᠤᠷᠠᠯ ᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠤᠨ ᠵᠥᠪᠯᠡᠯ ᠤᠨ ᠡᠷᠬᠢᠯᠡᠭᠴᠢ ᠭᠡᠰᠢᠭᠦᠨ ᠯᠠᠨ ᠰᠢᠩ ᠳ᠋ᠦᠩ ᠡᠷᠬᠢᠯᠡᠵᠦ᠂ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠴᠢᠶᠣᠤ ᠶᠦᠨ ᠯᠢ᠂ ᠴᠢᠩ ᠱᠦᠶ ᠾᠧ ᠰᠢᠶᠠᠨ ᠤ ᠳᠠᠷᠤᠭ᠎ᠠ ᠺᠠᠩ ᠶᠦᠩ ᠴᠢᠶᠠᠩ ᠬᠠᠮᠢᠶ᠎ᠠ ᠪᠦᠬᠦᠢ ᠠᠭᠤᠯᠭ᠎ᠠ ᠶᠢᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃ ᠮᠠᠨ ᠤ ᠬᠤᠲᠠ ᠵᠢᠴᠢ ᠴᠢᠩ ᠱᠦᠶ ᠾᠧ ᠰᠢᠶᠠᠨ ᠤ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠪᠦᠬᠦᠯᠢ ᠴᠣᠭᠴᠠ ᠶᠢᠨ ᠪᠠᠶᠢᠳᠠᠯ ᠢ ᠨᠠᠷᠢᠨ ᠲᠠᠨᠢᠯᠴᠠᠭᠤᠯᠵᠠᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠲᠥᠷᠥᠯ ᠵᠦᠢᠯ ᠤᠨ ᠪᠡᠯᠡ ᠮᠥᠩᠭᠦ ᠂ ᠥᠪᠡᠷᠲᠡᠭᠡᠨ ᠪᠡᠯᠡᠳᠬᠡᠭᠰᠡᠨ ᠬᠤᠳᠳᠤᠭ ᠢ ᠪᠢᠲᠡᠭᠦᠮᠵᠢᠯᠡᠬᠦ᠂ ᠲᠠᠷᠢᠶᠠᠯᠠᠩ ᠤᠨ ᠠᠵᠤ ᠦᠢᠯᠡᠳᠪᠦᠷᠢ ᠶᠢᠨ ᠠᠮᠢᠳᠤᠷᠠᠯ ᠳᠤ ᠬᠡᠷᠡᠭᠯᠡᠬᠦ ᠤᠰᠤᠨ ᠤ ᠬᠠᠷᠢᠴᠠᠯ᠂ ᠳᠠᠬᠢᠯᠲᠠ ᠤᠰᠤ ᠶᠢ ᠠᠰᠢᠭᠯᠠᠬᠤ᠂ ᠤᠰᠤ ᠶᠢ ᠠᠷᠪᠢᠲᠠᠶ ᠡᠷᠴᠢᠮᠯᠢᠭ ᠬᠡᠷᠡᠭᠯᠡᠬᠦ᠂ ᠤᠰᠤᠨ ᠴᠥᠭᠦᠷᠥᠮ ᠤᠨ ᠤᠰᠤ ᠬᠠᠳᠠᠭᠠᠯᠠᠭᠰᠠᠨ ᠪᠠᠶᠢᠳᠠᠯ ᠵᠡᠷᠭᠡ ᠳᠤ ᠴᠢᠭᠯᠡᠭᠦᠯᠦᠨ ᠶᠠᠷᠢᠯᠴᠠᠭᠰᠠᠨ ᠤ ᠬᠠᠮᠲᠤ ᠰᠠᠨᠠᠯ ᠰᠠᠨᠠᠭᠤᠯᠭ᠎ᠠ ᠳᠤᠷᠠᠳᠪᠠ᠃      ᠶᠠᠷᠢᠯᠴᠠᠬᠤ ᠬᠤᠷᠠᠯ ᠤᠨ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠴᠢᠩ ᠱᠦᠶ ᠾᠧ ᠶᠢᠨ ᠯᠣᠤ ᠨᠢᠤ ᠫᠦᠸᠧ ᠤᠨ ᠴᠢᠩ ᠯᠦᠩ ᠳ᠋ᠦᠩ ᠠᠭᠤᠯᠠ᠂ ᠯᠣᠤ ᠨᠢᠤ ᠸᠠᠨ ᠤ ᠬᠠᠲᠤᠨ ᠭᠤᠤᠯ ᠤᠨ ᠶᠡᠭᠡ ᠬᠠᠪᠴᠢᠯ ᠬᠥᠨᠳᠡᠶ ᠶᠢᠨ ᠵᠢᠭᠤᠯᠴᠢᠯᠠᠯ ᠤᠨ ᠲᠣᠭᠤᠷᠢᠭ ᠲᠤ ᠬᠦᠷᠴᠦ᠂ ᠲᠣᠭᠲᠠᠬᠤ ᠰᠢᠶᠠᠨ ᠤ ᠵᠢᠤ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠱᠧᠨ ᠴᠢᠤᠸᠠᠨ ᠦᠵᠡᠮᠵᠢ ᠶᠢᠨ ᠲᠣᠭᠤᠷᠢᠭ᠂ ᠬᠠᠲᠤᠨ ᠭᠤᠤᠯ ᠤᠨ ᠰᠠᠭᠤᠭᠳᠠᠯ ᠦᠵᠡᠮᠵᠢ ᠰᠣᠨᠢᠷᠬᠠᠬᠤ ᠳᠠᠪᠴᠠᠩ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃      ᠯᠢᠶᠠᠨ ᠰᠦ ᠴᠢᠬᠤᠯᠠᠴᠢᠯᠠᠭᠰᠠᠨ ᠨᠢ᠂ ᠬᠠᠲᠤᠨ ᠭᠤᠤᠯ ᠳᠠᠭᠠᠤ ᠶᠢᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2020 ᠣᠨ ᠤ ᠭᠤᠤᠯᠳᠠᠯᠭ᠎ᠠ ᠲᠠᠢ ᠬᠢᠨᠠᠯᠲᠠ ᠲᠠᠯᠪᠢᠬᠤ ᠲᠥᠷᠥᠯ ᠵᠦᠢᠯ ᠳᠤ ᠵᠢᠭᠰᠠᠭᠠᠵᠤ᠂ ᠬᠥᠬᠡᠬᠤᠲᠠ ᠶᠢᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠬᠠᠲᠤᠨ ᠭᠤᠤᠯ ᠳᠠᠭᠠᠤ ᠶᠢᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠭᠡ ᠬᠦᠴᠦ ᠣᠷᠣᠭᠤᠯᠵᠤ᠂ ᠵᠣᠬᠢᠬᠤ ᠠᠮᠵᠢᠯᠲᠠ ᠣᠯᠵᠠᠶ᠃ ᠬᠠᠳᠤᠨ ᠭᠤᠣᠯ ᠢ ᠵᠠᠰᠠᠬᠤ ᠳᠤ ᠭᠤᠣᠯᠳᠠᠯᠭ᠎ᠠ ᠨᠢ ᠬᠠᠮᠠᠭᠠᠯᠠᠬᠤ ᠳᠤ ᠪᠤᠢ᠂ ᠵᠠᠰᠠᠬᠤ ᠳᠤ ᠪᠤᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠪᠠᠷ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠬᠤ ᠬᠡᠷᠡᠭᠲᠡᠢ᠃ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠬᠤᠶᠠᠷ ᠲᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠠᠶ᠃ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠤᠰᠤ ᠠᠷᠪᠢᠯᠠᠬᠤ ᠠᠵᠤ ᠦᠢᠯᠡᠰ ᠪᠠ ᠮᠡᠷᠭᠡᠵᠢᠯ ᠢ ᠶᠡᠬᠡᠪᠡᠷ ᠬᠥᠭᠵᠢᠭᠦᠯᠵᠦ᠂ ᠳᠠᠬᠢᠯᠲᠠ ᠤᠰᠤ ᠶᠢ ᠠᠰᠢᠭᠯᠠᠬᠤ ᠶᠢ ᠰᠠᠶᠢᠲᠤᠷ ᠠᠳᠬᠤᠵᠤ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠡᠷᠭᠢᠯᠳᠦᠭᠦᠯᠦᠨ ᠠᠰᠢᠭᠯᠠᠬᠤ ᠶᠢ ᠳᠡᠭᠡᠭᠰᠢᠯᠡᠭᠦᠯᠦᠨ᠎ᠡ᠃ ᠭᠤᠷᠪᠠ ᠳᠤ᠂ ᠬᠠᠳᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠤᠰᠤ ᠪᠠᠷ ᠬᠤᠲᠠ ᠶᠢ ᠲᠣᠭᠲᠠᠭᠠᠬᠤ᠂ ᠭᠠᠵᠠᠷ ᠢ ᠲᠣᠭᠲᠠᠭᠠᠬᠤ᠂ ᠬᠥᠮᠦᠨ ᠢ ᠲᠣᠭᠲᠠᠭᠠᠬᠤ᠂ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠵᠤ᠂ ᠵᠦᠶ ᠵᠣᠬᠢᠰ ᠥᠬᠡᠶ ᠤᠰᠤ ᠬᠡᠷᠡᠭᠯᠡᠬᠦ ᠬᠡᠷᠡᠭᠴᠡᠭᠡ ᠶᠢ ᠡᠷᠡᠰ ᠬᠤᠷᠢᠭᠯᠠᠬᠤ ᠬᠡᠷᠡᠭᠲᠡᠶ᠃ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠲᠦᠯᠬᠢᠨ ᠠᠬᠢᠭᠤᠯᠵᠤ᠂ ᠬᠠᠳᠤᠨ ᠭᠤᠤᠯ ᠳᠠᠭᠠᠤ ᠭᠠᠵᠠᠷ ᠣᠷᠣᠨ ᠤ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠥᠭᠵᠢᠬᠦ ᠰᠢᠨ᠎ᠡ ᠪᠠᠶᠢᠳᠠᠯ ᠢ ᠲᠦᠷᠭᠡᠨ ᠪᠤᠢ ᠪᠣᠯᠭᠠᠨ᠎ᠠ᠃ ᠳᠥᠷᠪᠡ ᠳᠤ ᠬᠠᠳᠤᠨ ᠭᠤᠤᠯ ᠳᠠᠭᠠᠤ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠠᠳᠤᠨ ᠭᠤᠤᠯ ᠳᠠᠭᠠᠤ ᠶᠢᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠣᠭᠲᠠᠭᠠᠯᠲᠠ ᠶᠢᠨ ᠬᠢᠨᠠᠯᠲᠠ ᠲᠠᠯᠪᠢᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠣᠳᠠᠲᠤ ᠪᠠᠶᠢᠳᠠᠯ ᠢ ᠦᠨᠳᠦᠰᠦᠯᠡᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢ ᠰᠣᠩᠭᠤᠨ ᠪᠠᠭ᠎ᠠ ᠣᠭᠲᠣᠯᠤᠭᠠᠰᠤ ᠶᠢᠨ ᠬᠠᠤᠯᠢ ᠲᠣᠭᠲᠠᠭᠠᠬᠤ ᠲᠤᠰᠬᠠᠢ ᠵᠦᠢᠯ ᠤᠨ ᠴᠢᠨᠠᠷᠲᠠᠢ ᠠᠵᠢᠯ ᠢ ᠥᠷᠨᠢᠭᠦᠯᠵᠦ᠂ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠠᠬᠢᠭᠤᠯᠬᠤ ᠬᠡᠷᠡᠭᠲᠡᠢ ᠭᠡᠵᠡᠢ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号