ᠬᠥᠬᠡᠬᠤᠲᠠ ᠶᠢᠨ ᠠᠩᠬᠠᠳᠠᠭᠴᠢ ᠨᠡᠶᠢᠭᠡᠮ ᠲᠣᠭᠤᠷᠢᠭ ᠤᠨ ᠠᠵᠢᠯᠲᠠᠨ ᠠᠵᠢᠯᠴᠢᠨ ᠤ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠪ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2020-06-29
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ  ︵ᠰᠤᠷᠪᠤᠯᠵᠢᠯᠠᠬᠴᠢ ᠰᠦᠨ ᠯᠢ ᠶᠢᠩ︶ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠠᠵᠢᠯᠲᠠᠨ ᠠᠵᠢᠯᠴᠢᠨ ᠤ ᠣᠶᠤᠨ ᠰᠠᠨᠠᠭᠠᠨ ᠤ ᠠᠮᠢᠳᠤᠷᠠᠯ ᠢ ᠬᠠᠯᠠᠮᠵᠢᠯᠠᠬᠤ ᠶᠢᠨ ᠲᠦᠯᠦᠭᠡ᠂ ᠣᠶᠢᠷ᠎ᠠ ᠳᠤ᠂ ᠬᠦᠬᠡᠬᠤᠳᠠ ᠶᠢᠨ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠪᠠᠶᠢᠭᠤᠯᠤᠬᠰᠠᠨ ᠬᠦᠬᠡᠬᠤᠲᠠ ᠶᠢᠨ ᠠᠩᠬᠠᠳᠠᠭᠴᠢ ᠨᠡᠶᠢᠭᠡᠮ ᠲᠣᠭᠤᠷᠢᠭ ᠤᠨ ᠠᠵᠢᠯᠲᠠᠨ ᠠᠵᠢᠯᠴᠢᠨ ᠤ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠪ ᠱᠢ ᠶᠠᠩ ᠵᠡᠬᠦᠨ ᠵᠠᠮ ᠤᠨ ᠰᠠᠨ ᠯᠢ ᠶᠢᠩ ᠵᠡᠬᠦᠨ ᠨᠡᠶᠢᠭᠡᠮ ᠲᠣᠭᠤᠷᠢᠭ ᠲᠤ ᠵᠢᠩᠬᠢᠨᠢ ᠪᠠᠷ ᠫᠠᠶᠢᠰᠠ ᠡᠯᠭᠦᠵᠦ᠂ ᠬᠥᠬᠡᠬᠤᠲᠠ ᠶᠢᠨ ᠠᠵᠢᠯᠲᠠᠨ ᠠᠵᠢᠯᠴᠢᠨ ᠤ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠠᠵᠢᠯ ᠨᠢ ᠪᠠᠶᠢᠩᠭᠤᠵᠢᠭᠰᠠᠨ᠂ ᠵᠢᠷᠤᠮᠵᠢᠭᠰᠠᠨ᠂ ᠲᠤᠰᠬᠠᠢᠢᠵᠢᠬᠰᠠᠨ ᠲᠡᠶᠢᠰᠢ ᠤᠷᠤᠭᠰᠢᠯᠠᠵᠤ ᠡᠬᠢᠯᠡᠭᠰᠡᠨ ᠢ ᠬᠠᠷᠠᠭᠤᠯᠵᠤ᠂ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠠᠵᠢᠯ ᠴᠤ ᠡᠳ᠋ ᠪᠣᠳᠠᠰ ᠤᠨ ᠲᠤᠰᠠᠯᠠᠮᠵᠢ ᠠᠴᠠ ᠰᠡᠳᠬᠢᠴᠡ ᠶᠢᠨ ᠬᠠᠯᠠᠮᠵᠢᠯᠠᠯ ᠬᠦᠷᠲᠡᠯ᠎ᠡ ᠦᠷᠭᠦᠯᠵᠢᠯᠡᠭᠰᠡᠨ ᠪᠠᠶᠢᠨ᠎ᠠ᠃      ᠤᠢᠢᠯᠠᠭᠠᠬᠰᠠᠨ ᠢᠶᠠᠷ᠂ ᠲᠣᠰ ᠦᠢᠯᠡᠴᠢᠯᠡᠭᠡᠨ ᠤ ᠲᠥᠪ ᠲᠤ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠠᠰᠤᠭ᠂ ᠡᠯᠡᠰᠦᠨ ᠲᠠᠪᠠᠭ ᠤᠨ ᠲᠣᠭᠯᠠᠭᠠᠮ ᠤᠨ ᠲᠠᠰᠤᠭ ᠵᠡᠷᠭᠡ ᠣᠯᠠᠨ ᠴᠢᠳᠠᠮᠵᠢ ᠲᠠᠢ ᠪᠠᠶᠢᠵᠤ᠂ ᠡᠯ᠎ᠡ ᠴᠢᠳᠠᠮᠵᠢ ᠶᠢᠨ ᠲᠠᠰᠤᠭ ᠢ ᠠᠰᠢᠬᠯᠠᠨ ᠰᠠᠭᠤᠭᠠᠯᠢ ᠠᠷᠠᠳ ᠲᠤ ᠠᠳᠠᠯᠢ ᠪᠤᠰᠤ ᠰᠡᠳᠬᠢᠴᠡ ᠶᠢᠨ ᠬᠡᠷᠡᠭᠴᠡᠭᠡ ᠱᠠᠭᠠᠷᠳᠠᠯᠭ᠎ᠠ ᠶᠢᠨ ᠣᠯᠠᠨ ᠳᠡᠰ ᠳᠠᠪᠬᠤᠷᠭ᠎ᠠ᠂ ᠲᠤᠰᠬᠠᠶᠢᠵᠢᠭᠰᠠᠨ ᠦᠢᠯᠡᠴᠢᠯᠡᠭᠡ ᠬᠠᠩᠭᠠᠬᠤ ᠪᠣᠯᠣᠨ᠎ᠠ᠃ ᠡᠬᠦᠨ ᠤ ᠬᠠᠮᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠲᠤᠰᠬᠠᠶ ᠮᠡᠷᠭᠡᠵᠢᠯᠲᠡᠨ ᠢ ᠤᠷᠢᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠨᠢᠭᠤᠷᠳᠠᠨ ᠠᠰᠠᠭᠤᠨ ᠯᠠᠪᠯᠠᠭ᠎ᠠ ᠬᠢᠬᠦ᠂ ᠬᠠᠯᠠᠮᠰᠢᠯ ᠤᠲᠠᠰᠤ᠂ ᠰᠡᠳᠬᠢᠴᠡ ᠶᠢᠨ ᠵᠥᠪᠯᠡᠯᠭᠡ᠂ ᠰᠡᠳᠬᠢᠴᠡ ᠶᠢᠨ ᠪᠠᠶᠢᠴᠠᠭᠠᠯᠳᠠ᠂ ᠶᠠᠷᠢᠯᠴᠠᠭ᠎ᠠ ᠬᠢᠬᠦ ᠵᠡᠷᠭᠡ ᠣᠯᠠᠨ ᠵᠦᠢᠯ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠪᠠᠷ ᠳᠠᠮᠵᠢᠭᠤᠯᠤᠨ ᠰᠠᠭᠤᠭᠠᠯᠢ ᠠᠷᠠᠳ ᠤᠨ ᠠᠵᠢᠯ ᠠᠮᠢᠳᠤᠷᠠᠯ ᠤᠨ ᠲᠠᠯ᠎ᠠ ᠳᠤ ᠣᠷᠣᠰᠢᠵᠤ ᠪᠠᠶᠢᠭ᠎ᠠ ᠰᠡᠳᠬᠢᠴᠡ ᠶᠢᠨ ᠲᠤᠬᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号