ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠤᠷᠭᠤᠮᠠᠯ︶ ᠡᠮᠦᠨᠡᠭᠡᠨ᠂ ︽ | ᠠᠯᠤᠰ ᠡᠵᠡᠮᠰᠢᠯ ᠤᠨ ᠬᠠᠶᠢᠨ ᠰᠢᠯᠭᠠᠬᠤ︾ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠵᠦ᠂ | ᠠᠩᠬᠠᠳᠠᠭᠴᠢ ︽ᠠᠯᠤᠰ ᠡᠵᠡᠮᠰᠢᠯ ᠤᠨ ᠬᠠᠶᠢᠨ ᠰᠢᠯᠭᠠᠬᠤ︾ ᠡᠮᠴᠢᠯᠡᠭᠡᠨ ᠤ ᠪᠠᠭᠠᠵᠢ ᠬᠡᠷᠡᠭᠰᠡᠯ ᠤᠨ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠲᠠᠷᠬᠠᠭᠠᠪᠠ᠃ | ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠤᠷ ᠲᠤ᠂ ᠠᠯᠤᠰ ᠡᠵᠡᠮᠰᠢᠯ ᠤᠨ ᠬᠠᠶᠢᠨ ᠰᠢᠯᠭᠠᠯᠲᠠ ᠶᠢ | ᠬᠠᠷᠢᠭᠤᠴᠠᠵᠤ ᠪᠠᠶᠢᠭ᠎ᠠ ᠠᠵᠢᠯᠲᠠᠳ ᠬᠦᠸᠧ ᠳ᠋ᠠ ᠡᠮ ᠤᠨ ᠳᠡᠯᠭᠡᠭᠦᠷ ᠤᠨ 205 ᠳ᠋ᠤᠭᠠᠷ ᠳᠡᠯᠭᠡᠭᠦᠷ ᠲᠤ | ᠲᠤᠬᠠᠢ ᠶᠢᠨ ᠲᠠᠯᠠᠪᠠᠢ ᠶᠢᠨ ᠰᠢᠯᠭᠠᠨ ᠬᠤᠷᠢᠶᠠᠯᠲᠠ ᠬᠢᠵᠦ᠂ ᠲᠣᠰ ᠳᠡᠯᠭᠡᠭᠦᠷ ᠤᠨ ᠡᠵᠡᠩᠨᠡᠯᠲᠡ ᠶᠢᠨ ᠦᠨᠡᠮᠯᠡᠯ᠂ | ᠡᠵᠡᠩᠨᠡᠯᠲᠡ ᠶᠢᠨ ᠲᠠᠯᠠᠪᠤᠷ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠵᠢᠷᠤᠮᠵᠢᠯ᠂ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠵᠡᠷᠭᠡ | ᠠᠭᠤᠯᠭ᠎ᠠ ᠶᠢ ᠠᠯᠤᠰ ᠠᠴᠠ ᠬᠠᠶᠢᠨ ᠰᠢᠯᠭᠠᠵᠤ᠂ ᠬᠠᠶᠢᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ ᠬᠢᠨᠠᠨ | ᠵᠥᠪᠰᠢᠶᠡᠷᠡᠵᠦ ᠦᠨᠡᠮᠯᠡᠯ ᠤᠯᠭᠤᠬᠤ ᠶᠢ ᠪᠡᠶᠡᠯᠡᠬᠦᠯᠪᠡ᠃ ᠢᠡᠭᠬᠢᠬᠡᠳ ᠬᠦᠸᠧ ᠳ᠋ᠠ ᠡᠮ ᠤᠨ ᠳᠡᠯᠭᠡᠭᠦᠷ ᠤᠨ 205 | ᠳ᠋ᠤᠭᠠᠷ ᠳᠡᠯᠭᠡᠭᠦᠷ ᠨᠢ ᠬᠥᠬᠡᠬᠤᠲᠠ ᠶᠢᠨ ᠠᠩᠬᠠᠳᠠᠭᠴᠢ ︽ᠠᠯᠤᠰ ᠡᠵᠡᠮᠰᠢᠯ ᠤᠨ ᠬᠠᠶᠢᠨ ᠰᠢᠯᠭᠠᠬᠤ︾ ᠡᠮᠴᠢᠯᠡᠭᠡᠨ ᠤ | ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠣᠯᠣᠭᠰᠠᠨ ᠳᠡᠯᠭᠡᠭᠦᠷ ᠪᠣᠯᠪᠠ᠃ | ᠣᠶᠢᠯᠠᠭᠠᠭᠰᠠᠨ ᠢᠶᠠᠷ᠂ ︽ᠠᠯᠤᠰ ᠡᠵᠡᠮᠰᠢᠯ ᠤᠨ ᠬᠠᠶᠢᠨ ᠰᠢᠯᠭᠠᠬᠤ︾ ᠨᠢ ᠥᠩᠭᠡᠷᠡᠭᠰᠡᠨ ᠤ ᠤᠷᠤᠰᠢᠵᠤ | ᠪᠠᠶᠢᠬᠰᠠᠨ ᠬᠠᠶᠢᠨ ᠰᠢᠯᠭᠠᠯᠲᠠ ᠶᠢ ᠬᠦᠯᠢᠶᠡᠬᠦ ᠴᠠᠭ ᠤᠷᠲᠤ᠂ ᠠᠵᠤ ᠠᠬᠤᠶᠢᠯᠠᠯ ᠡᠷᠬᠢᠯᠡᠬᠦ ᠦᠶᠡᠯᠡᠯ ᠤᠨ | ᠬᠤᠭᠤᠴᠠᠭ᠎ᠠ ᠤᠷᠲᠤ᠂ ᠭᠤᠶᠤᠴᠢᠯᠠᠭᠴᠢ ᠪᠣᠯᠤᠨ ᠬᠠᠶᠢᠨ ᠰᠢᠯᠭᠠᠬᠤ ᠠᠵᠢᠯᠲᠠᠨ ᠤ ᠴᠠᠭ ᠤᠨ ᠳᠤᠬᠢᠷᠠᠭᠤᠯᠤᠯᠳᠠ | ᠵᠥᠷᠢᠶ᠎ᠡ ᠲᠠᠢ᠂ ᠴᠡᠭᠴᠡᠯᠡᠨ ᠰᠠᠶᠢᠵᠢᠷᠠᠭᠤᠯᠬᠤ ᠲᠥᠷᠥᠯ ᠵᠦᠢᠯ ᠢ ᠳᠠᠬᠢᠨ ᠳᠠᠪᠲᠠᠨ ᠬᠠᠶᠢᠨ ᠰᠢᠯᠭᠠᠬᠤ ᠵᠡᠷᠭᠡ | ᠳᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠥᠪᠡᠷ ᠤᠨ ᠥᠷᠲᠡᠭ ᠢ | ᠶᠡᠭᠡ ᠪᠠᠷ ᠠᠷᠪᠢᠯᠠᠬᠤ ᠶᠢᠨ ᠬᠠᠮᠲᠤ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠦᠲᠦᠮᠵᠢᠳᠠᠢ ᠪᠤᠭᠤᠨᠢᠰᠬᠠᠵᠠᠢ᠃ |