ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠠᠵᠢᠯ | ᠦᠢᠯᠡᠳᠪᠦᠷᠢᠯᠡᠯ ᠢᠶᠠᠨ ᠰᠡᠷᠬᠦᠬᠡᠬᠦ ᠠᠬᠢᠴᠠ ᠪᠦᠬᠦ ᠲᠠᠯ᠎ᠠ ᠪᠠᠷ ᠲᠦᠷᠬᠡᠳᠬᠦ ᠶᠢ ᠲᠠᠭᠠᠯᠳᠤᠵᠦ᠂ ᠬᠦᠬᠡᠬᠤᠳᠠ ᠶᠢᠨ | ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠨᠢ ᠲᠦᠷᠦᠬᠦᠬᠡᠨ ︽ᠬᠦᠬᠡᠬᠤᠳᠠ ᠳᠤ ᠨᠢᠰᠬᠡᠯ | ᠰᠤᠯᠢᠬᠤ︾ ᠬᠡᠰᠡᠭ ᠲᠤᠬᠠᠢᠢᠯᠠᠬᠰᠠᠨ ᠠᠵᠢᠯ ᠢᠶᠠᠨ ᠦᠷᠬᠦᠯᠵᠢᠯᠡᠨ ᠰᠡᠷᠬᠦᠬᠡᠵᠦ᠂ ᠨᠢᠰᠬᠡᠯ ᠰᠤᠯᠢᠬᠤ ᠠᠮᠠᠷᠠᠬᠤ | ᠭᠠᠵᠠᠷ ᠢᠶᠠᠨ ᠨᠡᠬᠡᠬᠡᠯᠳᠡ ᠲᠠᠢ ᠪᠤᠯᠭᠠᠵᠦ᠂ ︽ᠠᠮᠤᠷ ᠲᠦᠪᠰᠢᠨ ᠤ ᠪᠠᠶᠢᠴᠠᠭᠠᠯᠳᠠ ᠶᠢ ᠬᠡᠯᠳᠦᠷᠢᠬᠦᠯᠬᠦ᠂ ᠬᠠᠷᠠᠮᠵᠢ | ᠦᠬᠡᠢ ᠪᠠᠷ ᠨᠠᠶᠢᠳᠠᠨ ᠲᠡᠬᠡᠬᠡᠪᠦᠷᠢᠯᠡᠬᠦ᠂ ᠬᠠᠷᠠᠮᠵᠢ ᠦᠬᠡᠢ ᠪᠠᠷ ᠠᠮᠠᠷᠠᠭᠤᠯᠬᠤ᠂ ᠨᠢᠰᠬᠡᠯ ᠰᠤᠯᠢᠬᠤ ᠦᠢᠯᠡᠴᠢᠯᠡᠭᠡ | ᠬᠠᠩᠭᠠᠬᠤ᠂ ᠬᠦᠲᠦᠯᠦᠨ ᠲᠠᠭᠠᠭᠤᠯᠬᠤ︾ ᠨᠢᠰᠬᠡᠯ ᠰᠤᠯᠢᠬᠤ ᠲᠠᠪᠤᠨ ᠵᠦᠢᠯ ᠤᠨ ᠲᠤᠬᠠᠢᠢᠯᠠᠬᠰᠠᠨ ᠠᠵᠢᠯ ᠢᠶᠠᠨ | ᠬᠡᠪ ᠤᠨ ᠶᠣᠰᠣᠭᠠᠷ ᠰᠡᠷᠭᠦᠭᠡᠭᠰᠡᠨ ᠪᠠᠶᠢᠨ᠎ᠠ᠃ | ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠦᠬᠡᠢ ᠠᠳᠬᠤᠬᠤ ᠶᠢᠨ ᠲᠦᠯᠦᠬᠡ᠂ | ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠨᠢ ︽ᠬᠦᠬᠡᠬᠤᠳᠠ ᠳᠤ ᠨᠢᠰᠬᠡᠯ | ᠰᠤᠯᠢᠬᠤ︾ ᠲᠤᠬᠠᠢᠢᠯᠠᠬᠰᠠᠨ ᠠᠵᠢᠯ ᠢᠶᠠᠨ ᠦᠷᠬᠦᠯᠵᠢᠯᠡᠨ ᠰᠡᠷᠬᠦᠬᠡᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠪᠠ ᠦᠢᠯᠡᠳᠪᠦᠷᠢᠯᠡᠯ ᠢ ᠪᠠᠳᠤᠯᠠᠬᠤ ᠠᠵᠢᠯ ᠢ ᠰᠠᠶᠢᠲᠤᠷ ᠬᠢᠭᠰᠡᠨ ᠤᠷᠢᠳᠠᠯ ᠳᠣᠣᠷ᠎ᠠ᠂ ᠠᠶᠠᠨᠴᠢᠳ ᠤᠨ | ᠠᠮᠠᠷᠠᠬᠤ ᠭᠠᠵᠠᠷ ᠲᠤ ᠰᠡᠷᠬᠡᠶᠢᠯᠡᠨ ᠬᠠᠮᠠᠭᠠᠯᠠᠯᠲᠠ ᠶᠢᠨ ᠪᠦᠰᠡ ᠲᠤᠬᠢᠷᠠᠭᠤᠯᠤᠨ᠂ ᠠᠶᠠᠨᠴᠢᠨ ᠤᠬᠳᠤᠬᠤ ᠭᠠᠵᠠᠷ ᠲᠤ | ᠠᠶᠠᠨᠴᠢᠳ ᠤᠨ ᠪᠡᠶ᠎ᠡ ᠶᠢᠨ ᠬᠠᠯᠠᠭᠤᠨ ᠢ ᠬᠡᠮᠵᠢᠬᠦ ᠴᠡᠭ ᠲᠤᠬᠢᠷᠠᠭᠤᠯᠤᠨ᠂ ᠨᠢᠰᠬᠡᠯ ᠳᠤ ᠭᠠᠷᠬᠤ ᠭᠠᠵᠠᠷ ᠲᠤ 1 | ᠮᠧᠲᠷ ᠠᠯᠤᠰᠯᠠᠬᠰᠠᠨ ᠲᠤᠰᠠᠭᠠᠷᠯᠠᠯᠲᠠ ᠶᠢᠨ ᠪᠦᠰᠡ ᠲᠤᠬᠢᠷᠠᠭᠤᠯᠵᠦ᠂ ᠠᠶᠠᠨᠴᠢᠳ ᠤᠨ ᠠᠮᠠᠷᠠᠬᠤ ᠰᠠᠭᠤᠳᠠᠯ | ᠳᠡᠭᠡᠷ᠎ᠡ ᠨᠢ ︽ᠬᠤᠭᠤᠷᠤᠨᠳᠤ ᠪᠠᠨ ᠵᠠᠶᠢᠳᠠᠢ ᠰᠠᠭᠤᠬᠤ︾ ᠰᠠᠨᠠᠭᠤᠯᠤᠮᠵᠢ ᠨᠠᠭᠠᠵᠦ᠂ ᠭᠤᠤᠯ ᠠᠭᠠᠷ ᠤᠨ ᠠᠶᠠᠯᠠᠯ ᠤᠨ | ᠱᠤᠭᠤᠮ ᠤᠨ ᠠᠶᠠᠨᠴᠢᠳ ᠲᠤ ᠬᠠᠨᠳᠤᠭᠤᠯᠤᠬᠰᠠᠨ ᠲᠤᠬᠠᠢᠢᠯᠠᠬᠰᠠᠨ ᠠᠵᠢᠯ ᠤᠨ ᠬᠡᠮᠵᠢᠶ᠎ᠡ ᠨᠡᠮᠡᠭᠳᠡᠵᠦ ᠮᠡᠳᠡᠬᠦ | ᠪᠠᠶᠢᠳᠠᠯ ᠳᠤ ᠬᠦᠢᠴᠡᠳ ᠪᠡᠯᠡᠳᠬᠡᠯ ᠬᠢᠵᠦ᠂ ᠠᠵᠢᠯᠳᠠᠳ ᠤᠨ ᠢᠶᠠᠨ ᠠᠵᠢᠯ ᠤᠨ ᠡᠬᠡᠯᠵᠢ ᠶᠢ ᠵᠦᠢ ᠵᠤᠬᠢᠰᠳᠠᠢ | ᠲᠤᠬᠢᠷᠠᠭᠤᠯᠤᠬᠰᠠᠨ ᠪᠠᠶᠢᠨ᠎ᠠ᠃ |