| | | ᠣᠷᠴᠢᠮᠬᠠᠨ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠳ ᠲᠣᠭᠲᠠᠬᠤ | ᠰᠢᠶᠠᠨ ᠤ ᠭᠦ᠋ ᠴᠧᠩ ᠪᠠᠯᠭᠠᠰᠤ ᠶᠢᠨ ᠭᠦ᠋ ᠴᠧᠩ ᠲᠣᠰᠬᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠲᠣᠰᠬᠤᠨ ᠤ | ᠠᠷᠠᠳ ᠲᠤ ᠡᠮ ᠡᠮᠨᠡᠯᠭᠡ ᠶᠢᠨ ᠳᠠᠩᠰᠠ ᠲᠠᠶᠢᠯᠬᠤ ᠲᠤᠬᠠᠢ ᠰᠢᠨ᠎ᠡ ᠲᠥᠷᠥ ᠶᠢᠨ ᠪᠣᠳᠣᠯᠭ᠎ᠠ ᠶᠢ ᠲᠠᠨᠢᠯᠴᠠᠭᠤᠯᠬᠤ ᠶᠢᠨ | ᠬᠠᠮᠲᠤ᠂ ᠠᠯᠪᠠᠨ ᠵᠢᠷᠤᠮ ᠤᠨ ᠡᠮᠴᠢᠯᠡᠭᠡ ᠬᠢᠪᠡ᠃ ᠣᠶᠢᠯᠠᠭᠠᠭᠰᠠᠨ ᠢᠶᠠᠷ᠂ 5 ᠳ᠋ᠤᠭᠠᠷ ᠰᠠᠷ᠎ᠠ ᠠᠴᠠ ᠨᠠᠭᠠᠰᠢ᠂ | ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠣᠯᠠᠨ ᠤᠳᠠᠭ᠎ᠠ ᠪᠦᠯᠬᠦᠮ ᠳᠠᠭᠠᠭᠤᠯᠤᠨ ᠶᠠᠳᠠᠭᠤ | ᠬᠦᠴᠢᠷᠳᠡᠯᠲᠡᠢ ᠡᠷᠦᠬᠡ ᠪᠠᠷ ᠭᠦᠨᠵᠡᠭᠡᠶᠢᠷᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠶᠢᠨ ᠶᠠᠳᠠᠭᠤ ᠶᠢ ᠲᠡᠳᠬᠦᠬᠦ ᠠᠵᠢᠯᠲᠠᠳ ᠢ ᠵᠣᠬᠢᠶᠠᠨ ᠪᠠᠶᠢᠭᠤᠯᠤᠨ 300 ᠭᠠᠷᠤᠢ | ᠵᠠᠰᠠᠭ ᠵᠠᠬᠢᠷᠭᠠᠨ ᠤ ᠲᠣᠰᠬᠤᠨ ᠢᠶᠠᠷ ᠭᠦᠨᠵᠡᠭᠡᠶᠢᠷᠡᠨ ᠡᠷᠦᠬᠡ ᠳᠤ ᠬᠦᠷᠴᠦ ︽ᠨᠢᠭᠡ ᠳᠤ ᠨᠢᠭᠡ︾ ᠪᠠᠷ ᠡᠮᠴᠢᠯᠡᠭᠡᠨ ᠤ | ᠪᠠᠲᠤᠯᠠᠭ᠎ᠠ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠤᠬᠠᠭᠤᠯᠤᠨ᠂ ᠶᠠᠳᠠᠭᠤ ᠬᠦᠴᠢᠷᠳᠡᠯᠲᠡᠢ | ᠡᠷᠦᠬᠡ ᠶᠢᠨ 7000 ᠭᠠᠷᠤᠢ ᠬᠥᠮᠥᠨ ᠬᠤᠯᠪᠣᠭᠳᠠᠪᠠ᠃ ᠣᠳᠣᠬᠠᠨ ᠪᠣᠯᠲᠠᠯ᠎ᠠ᠂ ᠬᠤᠲᠠ ᠶᠢᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠨᠡᠶᠢᠲᠡ 2 ᠲᠦᠮᠡᠨ ᠬᠠᠭᠤᠳᠠᠰᠤ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠶᠢ ᠲᠡᠳᠬᠦᠬᠦ | ᠲᠥᠷᠥ ᠶᠢᠨ ᠪᠣᠳᠣᠯᠭ᠎ᠠ ᠶᠢᠨ ︽ᠲᠣᠳᠣᠷᠬᠠᠢ ᠺᠠᠷᠲ︾ ᠳᠠᠷᠤᠮᠠᠯᠯᠠᠨ ᠲᠠᠷᠬᠠᠭᠠᠵᠤ᠂ ᠪᠦᠬᠦ ᠶᠠᠳᠠᠭᠤ ᠬᠦᠴᠢᠷᠳᠡᠯᠲᠡᠢ | ᠡᠷᠦᠬᠡ ᠶᠢᠨ ᠭᠡᠷ ᠤᠨ ᠬᠡᠷᠡᠮ ᠳᠡᠭᠡᠷ᠎ᠡ ᠨᠠᠭᠠᠵᠤ᠂ 3 ᠲᠦᠮᠡᠨ ᠳᠡᠪᠲᠡᠷ ︽ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠶᠢ | ᠲᠡᠳᠬᠦᠬᠦ ᠭᠠᠷ ᠠᠪᠤᠯᠭ᠎ᠠ︾ ᠶᠢ ᠳᠠᠷᠤᠮᠠᠯᠯᠠᠨ ᠪᠦᠬᠦ ᠶᠠᠳᠠᠭᠤ ᠬᠦᠴᠢᠷᠳᠡᠯᠲᠡᠢ ᠬᠥᠮᠥᠰ ᠤᠨ ᠭᠠᠷ ᠲᠤ ᠬᠦᠷᠭᠡᠪᠡ᠃ | ᠰᠤᠷᠪᠤᠯᠵᠢᠯᠠᠭᠴᠢ ᠯᠢᠶᠠᠩ ᠵᠢᠩ ᠱᠤ᠋ ᠰᠡᠭᠦᠳᠡᠷᠯᠡᠪᠡ |