ᠬᠤᠲᠠ ᠶᠢᠨ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠴᠢ  ᠯᠢᠦ ᠵᠢᠶᠠᠨ ᠭᠦᠸᠧ
ᠨᠡᠶᠢᠲᠡᠯᠡᠭᠰᠡᠨ ᠴᠠᠭ᠄
2020/6/29
W020210825622033731435.jpg
ᠠᠵᠢᠯ ᠤᠨ ᠬᠤᠪᠢᠶᠠᠷᠢᠯᠠᠯ       ᠬᠤᠳᠠ ᠶᠢᠨ ᠳᠠᠷᠤᠭ᠎ᠠ ᠶᠢ ᠬᠠᠮᠵᠢᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠬᠤᠳᠠ ᠶᠢᠨ ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃       ᠬᠤᠪᠢᠳᠠᠨ ᠬᠠᠮᠢᠶᠠᠷᠬᠤ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ ︵ᠬᠤᠲᠠ ᠶᠢᠨ ᠲᠠᠯ᠎ᠠ︶᠂ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠦᠨ᠎ᠡ ᠬᠠᠶᠠᠵᠤ ᠬᠤᠳᠠᠯᠳᠤᠬᠤ ᠲᠥᠪ᠂ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ  ᠦᠢᠯᠡᠴᠢᠯᠡᠭᠡᠨ ᠤ ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠶᠢᠨ ᠬᠤᠲᠠ ᠶᠢᠨ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠬᠤᠲᠠ ᠶᠢᠨ ᠰᠢᠲᠠᠮᠠᠬᠠᠶ ᠬᠡᠶ ᠢᠯᠴᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠴᠦᠨ ᠬᠤᠸᠠ ᠤᠰᠤᠨ ᠤ ᠶᠠᠪᠤᠳᠠᠯ ᠤᠨ ᠨᠡᠭᠡᠭᠡᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃       ᠬᠠᠷᠢᠯᠴᠠᠬᠤ ᠄ ᠬᠥᠬᠡᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠃       ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠲᠣᠪᠴᠢ ᠨᠠᠮᠲᠠᠷ      ᠯᠢᠦ ᠵᠢᠶᠠᠨ ᠭᠦᠸᠧ᠂ ᠡᠷᠡᠭᠲᠡᠢ᠂ ᠬᠢᠲᠠᠳ ᠦᠨᠳᠦᠰᠦᠲᠡᠨ᠂ 1973 ᠣᠨ ᠤ 5 ᠰᠠᠷ᠎ᠠ ᠳᠤ ᠲᠦᠷᠦᠵᠠᠢ᠂ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠥᠬᠡᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠳᠠ ᠶᠢᠨ ᠳᠡᠳ᠋ ᠳᠠᠷᠤᠭ᠎ᠠ ᠪᠠᠷ ᠨᠡᠷ᠎ᠡ ᠲᠤᠷᠠᠳᠤᠭᠳᠠᠭᠴᠢ᠃  
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ