ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ︽ᠬᠦᠬᠡᠬᠤᠳᠠ ᠳᠤ ᠨᠢᠰᠬᠡᠯ ᠰᠤᠯᠢᠬᠤ︾ ᠬᠡᠰᠡᠭ ᠲᠤᠬᠠᠢᠢᠯᠠᠬᠰᠠᠨ ᠠᠵᠢᠯ ᠢᠶᠠᠨᠦᠷᠬᠦᠯᠵᠢᠯᠡᠨ ᠰᠡᠷᠭᠦ
ᠨᠡᠶᠢᠲᠡᠯᠡᠭᠰᠡᠨ ᠴᠠᠭ᠄
2020/6/29
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠠᠵᠢᠯ ᠦᠢᠯᠡᠳᠪᠦᠷᠢᠯᠡᠯ ᠢᠶᠠᠨ ᠰᠡᠷᠬᠦᠬᠡᠬᠦ ᠠᠬᠢᠴᠠ ᠪᠦᠬᠦ ᠲᠠᠯ᠎ᠠ ᠪᠠᠷ ᠲᠦᠷᠬᠡᠳᠬᠦ ᠶᠢ ᠲᠠᠭᠠᠯᠳᠤᠵᠦ᠂ ᠬᠦᠬᠡᠬᠤᠳᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠨᠢ ᠲᠦᠷᠦᠬᠦᠬᠡᠨ ︽ᠬᠦᠬᠡᠬᠤᠳᠠ ᠳᠤ ᠨᠢᠰᠬᠡᠯ ᠰᠤᠯᠢᠬᠤ︾ ᠬᠡᠰᠡᠭ ᠲᠤᠬᠠᠢᠢᠯᠠᠬᠰᠠᠨ ᠠᠵᠢᠯ ᠢᠶᠠᠨ ᠦᠷᠬᠦᠯᠵᠢᠯᠡᠨ ᠰᠡᠷᠬᠦᠬᠡᠵᠦ᠂ ᠨᠢᠰᠬᠡᠯ ᠰᠤᠯᠢᠬᠤ ᠠᠮᠠᠷᠠᠬᠤ ᠭᠠᠵᠠᠷ ᠢᠶᠠᠨ ᠨᠡᠬᠡᠬᠡᠯᠳᠡ ᠲᠠᠢ ᠪᠤᠯᠭᠠᠵᠦ᠂ ︽ᠠᠮᠤᠷ ᠲᠦᠪᠰᠢᠨ ᠤ ᠪᠠᠶᠢᠴᠠᠭᠠᠯᠳᠠ ᠶᠢ ᠬᠡᠯᠳᠦᠷᠢᠬᠦᠯᠬᠦ᠂ ᠬᠠᠷᠠᠮᠵᠢ ᠦᠬᠡᠢ ᠪᠠᠷ ᠨᠠᠶᠢᠳᠠᠨ ᠲᠡᠬᠡᠬᠡᠪᠦᠷᠢᠯᠡᠬᠦ᠂ ᠬᠠᠷᠠᠮᠵᠢ ᠦᠬᠡᠢ ᠪᠠᠷ ᠠᠮᠠᠷᠠᠭᠤᠯᠬᠤ᠂ ᠨᠢᠰᠬᠡᠯ ᠰᠤᠯᠢᠬᠤ ᠦᠢᠯᠡᠴᠢᠯᠡᠭᠡ ᠬᠠᠩᠭᠠᠬᠤ᠂ ᠬᠦᠲᠦᠯᠦᠨ ᠲᠠᠭᠠᠭᠤᠯᠬᠤ︾ ᠨᠢᠰᠬᠡᠯ ᠰᠤᠯᠢᠬᠤ ᠲᠠᠪᠤᠨ ᠵᠦᠢᠯ ᠤᠨ ᠲᠤᠬᠠᠢᠢᠯᠠᠬᠰᠠᠨ ᠠᠵᠢᠯ ᠢᠶᠠᠨ ᠬᠡᠪ ᠤᠨ ᠶᠣᠰᠣᠭᠠᠷ ᠰᠡᠷᠭᠦᠭᠡᠭᠰᠡᠨ ᠪᠠᠶᠢᠨ᠎ᠠ᠃     ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠦᠬᠡᠢ ᠠᠳᠬᠤᠬᠤ ᠶᠢᠨ ᠲᠦᠯᠦᠬᠡ᠂ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠨᠢ ︽ᠬᠦᠬᠡᠬᠤᠳᠠ ᠳᠤ ᠨᠢᠰᠬᠡᠯ ᠰᠤᠯᠢᠬᠤ︾ ᠲᠤᠬᠠᠢᠢᠯᠠᠬᠰᠠᠨ ᠠᠵᠢᠯ ᠢᠶᠠᠨ ᠦᠷᠬᠦᠯᠵᠢᠯᠡᠨ ᠰᠡᠷᠬᠦᠬᠡᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠦᠢᠯᠡᠳᠪᠦᠷᠢᠯᠡᠯ ᠢ ᠪᠠᠳᠤᠯᠠᠬᠤ ᠠᠵᠢᠯ ᠢ ᠰᠠᠶᠢᠲᠤᠷ ᠬᠢᠭᠰᠡᠨ ᠤᠷᠢᠳᠠᠯ ᠳᠣᠣᠷ᠎ᠠ᠂ ᠠᠶᠠᠨᠴᠢᠳ ᠤᠨ ᠠᠮᠠᠷᠠᠬᠤ ᠭᠠᠵᠠᠷ ᠲᠤ ᠰᠡᠷᠬᠡᠶᠢᠯᠡᠨ ᠬᠠᠮᠠᠭᠠᠯᠠᠯᠲᠠ ᠶᠢᠨ ᠪᠦᠰᠡ ᠲᠤᠬᠢᠷᠠᠭᠤᠯᠤᠨ᠂ ᠠᠶᠠᠨᠴᠢᠨ ᠤᠬᠳᠤᠬᠤ ᠭᠠᠵᠠᠷ ᠲᠤ ᠠᠶᠠᠨᠴᠢᠳ ᠤᠨ ᠪᠡᠶ᠎ᠡ ᠶᠢᠨ ᠬᠠᠯᠠᠭᠤᠨ ᠢ ᠬᠡᠮᠵᠢᠬᠦ ᠴᠡᠭ ᠲᠤᠬᠢᠷᠠᠭᠤᠯᠤᠨ᠂ ᠨᠢᠰᠬᠡᠯ ᠳᠤ ᠭᠠᠷᠬᠤ ᠭᠠᠵᠠᠷ ᠲᠤ 1 ᠮᠧᠲᠷ ᠠᠯᠤᠰᠯᠠᠬᠰᠠᠨ ᠲᠤᠰᠠᠭᠠᠷᠯᠠᠯᠲᠠ ᠶᠢᠨ ᠪᠦᠰᠡ ᠲᠤᠬᠢᠷᠠᠭᠤᠯᠵᠦ᠂ ᠠᠶᠠᠨᠴᠢᠳ ᠤᠨ ᠠᠮᠠᠷᠠᠬᠤ ᠰᠠᠭᠤᠳᠠᠯ ᠳᠡᠭᠡᠷ᠎ᠡ ᠨᠢ ︽ᠬᠤᠭᠤᠷᠤᠨᠳᠤ ᠪᠠᠨ ᠵᠠᠶᠢᠳᠠᠢ ᠰᠠᠭᠤᠬᠤ︾ ᠰᠠᠨᠠᠭᠤᠯᠤᠮᠵᠢ ᠨᠠᠭᠠᠵᠦ᠂ ᠭᠤᠤᠯ ᠠᠭᠠᠷ ᠤᠨ ᠠᠶᠠᠯᠠᠯ ᠤᠨ ᠱᠤᠭᠤᠮ ᠤᠨ ᠠᠶᠠᠨᠴᠢᠳ ᠲᠤ ᠬᠠᠨᠳᠤᠭᠤᠯᠤᠬᠰᠠᠨ ᠲᠤᠬᠠᠢᠢᠯᠠᠬᠰᠠᠨ ᠠᠵᠢᠯ ᠤᠨ ᠬᠡᠮᠵᠢᠶ᠎ᠡ ᠨᠡᠮᠡᠭᠳᠡᠵᠦ ᠮᠡᠳᠡᠬᠦ ᠪᠠᠶᠢᠳᠠᠯ ᠳᠤ ᠬᠦᠢᠴᠡᠳ ᠪᠡᠯᠡᠳᠬᠡᠯ ᠬᠢᠵᠦ᠂ ᠠᠵᠢᠯᠳᠠᠳ ᠤᠨ ᠢᠶᠠᠨ ᠠᠵᠢᠯ ᠤᠨ ᠡᠬᠡᠯᠵᠢ ᠶᠢ ᠵᠦᠢ ᠵᠤᠬᠢᠰᠳᠠᠢ ᠲᠤᠬᠢᠷᠠᠭᠤᠯᠤᠬᠰᠠᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ