ᠪᠦᠬᠦ ᠣᠯᠣᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠤᠬᠠᠭᠤᠯᠤᠨ | ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠤᠯᠠᠮ ᠨᠢᠭᠡ ᠠᠯᠬᠤᠮ | ᠠᠬᠢᠭᠤᠯᠬᠤ ᠶᠢᠨ ᠲᠦᠯᠦᠭᠡ᠂ ᠰᠢᠨ᠎ᠡ ᠬᠤᠲᠠ ᠲᠤᠭᠤᠷᠢᠭ ᠤᠨ ᠨᠠᠮ ᠤᠨ ᠬᠤᠷᠢᠶ᠎ᠠ ᠪᠣᠯᠤᠨ ᠰᠤᠷᠭᠠᠨ ᠬᠥᠮᠦᠵᠢᠯ ᠤᠨ | ᠨᠠᠮ ᠤᠨ ᠠᠵᠢᠯᠯᠠᠬᠤ ᠬᠤᠷᠢᠶ᠎ᠠ ᠶᠢᠨ ᠨᠢᠭᠡᠲᠦᠯᠲᠡᠢ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠵᠦ᠂ | ᠤᠢᠢᠷ᠎ᠠ ᠶᠢᠨ ᠡᠳᠦᠷ ᠤᠳ ᠲᠤ᠂ ᠰᠢᠨ᠎ᠡ ᠬᠤᠳᠠ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠪᠦᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠤᠨ ᠲᠤᠭᠤᠰᠢᠯᠠᠭᠤᠯᠬᠤ ᠬᠠᠯᠠᠭᠤᠨ | ᠦᠷᠨᠢᠯᠲᠡ ᠭᠠᠷᠭᠠᠨ᠎ᠠ᠃ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ 69 ᠨᠢᠭᠡᠴᠡ ᠨᠠᠮ ᠤᠨ ᠭᠡᠰᠢᠭᠦᠨ ᠺᠠᠳ᠋ᠷ ᠢ | ᠵᠣᠬᠢᠶᠠᠨ ᠪᠠᠶᠢᠭᠤᠯᠤᠨ ᠲᠦᠪᠯᠡᠷᠡᠬᠦᠯᠦᠨ ᠰᠤᠷᠤᠯᠴᠠᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ᠂ ᠰᠦᠯᠵᠢᠶᠡᠨ | ᠳᠡᠭᠡᠷ᠎ᠡ ᠰᠤᠷᠤᠯᠴᠠᠨ ᠶᠠᠷᠢᠯᠴᠠᠬᠤ᠂ ᠣᠯᠤᠯᠲᠠ ᠲᠥᠷᠥᠭᠳᠡᠯ ᠪᠢᠴᠢᠬᠦ ᠵᠡᠷᠭᠡ ᠣᠯᠠᠨ ᠬᠡᠯᠪᠡᠷᠢ ᠪᠠᠷ ᠳᠠᠮᠵᠢᠨ ᠪᠦᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠤᠨ ᠲᠤᠭᠤᠰᠢᠯᠠᠭᠤᠯᠪᠠ᠃ | | | | | | | | | | | | | | | | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ ᠪᠣᠯᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠲᠦᠭᠡᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠭᠦᠰᠬᠦ ᠵᠢᠯ ᠳᠤ ᠬᠤᠷᠠᠯᠳᠤᠭᠰᠠᠨ | ᠴᠢᠬᠤᠯᠠ ᠬᠤᠷᠠᠯ᠂ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠭᠡᠰᠢᠭᠦᠨ | ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ | ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ︽ᠠᠷᠠᠳ | ᠲᠦᠮᠡᠨ ᠠᠯᠢᠪᠠ ᠠᠴᠠ ᠳᠡᠭᠡᠳᠦ︾ ᠪᠠᠷ ᠭᠤᠤᠯ ᠰᠡᠳᠦᠪ ᠪᠣᠯᠭᠠᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠡᠷᠦᠩᠬᠡᠶ ᠱᠦᠵᠢ ᠰᠢ ᠶᠢᠨ ᠫᠢᠩ ᠤᠨ ᠶᠠᠷᠢᠶ᠎ᠠ᠂ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾᠂ ︽ᠬᠤᠶᠠᠷ ᠬᠤᠷᠠᠯ ᠤᠨ ᠵᠣᠷᠢᠭ ᠰᠠᠨᠠᠭ᠎ᠠ︾ ᠶᠢᠨ ᠲᠣᠭᠤᠷᠢᠨ ᠳᠤ ᠬᠡᠯᠡᠭᠰᠡᠨ | ᠶᠠᠷᠢᠶ᠎ᠠ ᠶᠢ ᠰᠤᠷᠤᠯᠴᠠᠬᠤ ᠪᠠᠷ ᠳᠠᠮᠵᠢᠨ ᠤᠯᠠᠮ ᠨᠢᠭᠡ ᠠᠯᠬᠤᠮ ᠲᠠᠷᠢᠬᠢ ᠲᠣᠯᠤᠭᠠᠶᠢᠯᠠᠭᠴᠢ ᠪᠠᠨ ᠵᠡᠪᠰᠡᠭᠯᠡᠵᠦ᠂ | ᠦᠢᠯᠡᠳᠦᠯᠭᠡ ᠪᠠᠨ ᠵᠢᠯᠣᠭᠤᠳᠴᠤ᠂ ᠠᠵᠢᠯ ᠢᠶᠠᠨ ᠠᠬᠢᠭᠤᠯᠤᠨ᠎ᠠ᠃ | | | | | | | | | | | | | | | ᠮᠠᠰᠢ ᠤᠯᠠᠨ ᠨᠢᠭᠡᠴᠡ ᠨᠠᠮ ᠤᠨ ᠭᠡᠰᠢᠭᠦᠨ ᠪᠠᠭᠰᠢ ᠶᠢ ᠵᠣᠬᠢᠶᠠᠨ ᠪᠠᠶᠢᠭᠤᠯᠵᠤ ᠳᠤᠭᠤᠶᠢᠯᠠᠩ ᠰᠣᠯᠢᠯᠴᠠᠬᠤ᠂ | ᠰᠦᠯᠵᠢᠶᠡᠨ ᠳᠡᠭᠡᠷ᠎ᠡ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠤᠷᠤᠯᠴᠠᠬᠤ ᠥᠷᠨᠢᠯᠲᠡ ᠭᠠᠷᠭᠠᠪᠠ᠃ | ᠨᠠᠮ ᠤᠨ ᠭᠡᠰᠢᠭᠦᠨ ᠪᠠᠭᠰᠢ ᠨᠠᠷ ᠣᠯᠤᠯᠲᠠ ᠲᠥᠷᠥᠭᠳᠡᠯ ᠢᠶᠠᠨ ᠨᠠᠷᠢᠨ ᠬᠢᠨᠠᠮᠠᠭᠠᠶ ᠪᠢᠴᠢᠵᠦ᠂ ᠬᠤᠶᠠᠷ ᠬᠤᠷᠠᠯ ᠤᠨ | ᠵᠣᠷᠢᠭ ᠰᠠᠨᠠᠭ᠎ᠠ ᠶᠢ ᠪᠢᠴᠢᠭ ᠵᠢᠭᠠᠵᠤ ᠬᠥᠮᠦᠵᠢᠭᠦᠯᠬᠦ ᠬᠥᠳᠡᠯᠭᠡᠬᠦ ᠬᠦᠴᠦᠨ ᠪᠤᠯᠠᠭᠠᠨ ᠬᠤᠪᠢᠷᠠᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠶᠣᠰᠣ | ᠮᠣᠷᠠᠯ ᠢᠶᠠᠷ ᠬᠥᠮᠦᠨ ᠢ ᠬᠥᠮᠦᠵᠢᠭᠦᠯᠬᠦ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠪᠡᠶᠡᠯᠡᠭᠦᠯᠵᠦ᠂ | ᠴᠢᠷᠮᠠᠶᠢᠨ ᠤᠷᠤᠭᠰᠢᠯᠠᠵᠤ᠂ ᠰᠢᠨ᠎ᠡ ᠬᠤᠲᠠ ᠲᠤᠭᠤᠷᠢᠭ ᠤᠨ ᠰᠤᠷᠭᠠᠨ ᠬᠥᠮᠦᠵᠢᠯ ᠳᠤ ᠥᠪᠡᠷ ᠤᠨ ᠬᠦᠴᠦᠨ | ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ᠃ | | |