ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ | ᠬᠤᠷᠢᠶᠠᠨ ᠤ ᠱᠦᠵᠢ ᠶᠦᠨ ᠬᠠᠶ ᠰᠢᠶᠠᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠵᠠᠳᠠᠯᠤᠨ | ᠰᠤᠳᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ | ᠬᠥᠮᠦᠵᠢᠯ ᠤᠨ ᠲᠠᠪᠤᠳᠤᠭᠠᠷ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ | ᠣᠷᠣᠯᠴᠠᠨ ᠵᠢᠭᠠᠨ ᠵᠢᠯᠣᠭᠤᠳᠪᠠ᠃ | ᠬᠤᠷᠠᠯ ᠠᠴᠠ ᠪᠦᠬᠦ ᠰᠢᠶᠠᠨ ᠤ ᠭᠤᠣᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠ ᠲᠤᠰᠬᠠᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ | ᠮᠡᠳᠡᠭᠳᠡᠪᠡ︔ ᠭᠤᠤᠯ ᠰᠡᠳᠦᠪᠲᠦ ᠬᠥᠮᠦᠵᠢᠯ ᠤᠨ ᠡᠯ᠎ᠡ ᠲᠤᠰᠬᠠᠶ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠦᠭᠰᠡᠨ | ᠪᠠᠶᠢᠳᠠᠯ ᠢ ᠰᠣᠨᠣᠰᠪᠠ︔ ᠭᠤᠤᠯ ᠰᠡᠳᠦᠪᠲᠦ ᠬᠥᠮᠦᠵᠢᠯ ᠤᠨ ᠡᠭᠦᠳᠡ ᠪᠠᠨ ᠨᠡᠭᠡᠭᠡᠵᠦ ᠢᠳᠬᠠᠯ ᠬᠦᠯᠢᠶᠡᠨ ᠠᠪᠴᠤ | ᠰᠢᠢᠳᠪᠦᠷᠢᠯᠡᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠪᠠ᠃ | ᠶᠦᠨ ᠬᠠᠢ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠤᠤᠯ ᠰᠡᠳᠦᠪᠲᠦ ᠰᠤᠷᠭᠠᠨ ᠬᠥᠮᠦᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠠᠵᠢᠯ ᠢ ᠦᠨᠡᠨ ᠬᠦ ᠨᠡᠩ ᠪᠣᠳᠠᠲᠠᠶ ᠬᠢᠵᠦ᠂ ᠡᠯ᠎ᠡ ᠵᠦᠢᠯ ᠤᠨ | ᠠᠵᠢᠯ ᠢ ᠬᠠᠷᠭᠤᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠢ᠃ ᠪᠦᠬᠦ ᠰᠢᠶᠠᠨ ᠢᠶᠠᠷ ᠢᠶᠠᠨ ᠤᠯᠤᠰ ᠲᠥᠷᠥ ᠶᠢᠨ ᠪᠠᠶᠢᠭᠤᠯᠤᠯᠲᠠ ᠪᠠᠨ ᠦᠷᠭᠦᠯᠵᠢᠯᠡᠨ | ᠴᠢᠩᠭᠠᠳᠬᠠᠵᠤ᠂ ᠭᠤᠣᠯ ᠰᠡᠳᠦᠪ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ ᠣᠨᠣᠯ ᠢᠶᠠᠷ ᠵᠡᠪᠰᠡᠭᠯᠡᠬᠦ ᠶᠢ | ᠲᠠᠰᠤᠷᠠᠯᠲᠠ ᠦᠭᠡᠢ ᠴᠢᠩᠭᠠᠳᠬᠠᠵᠤ᠂ ᠶᠡᠷᠦᠩᠬᠡᠶ ᠱᠦᠵᠢ ᠶᠢᠨ ᠤᠭ ᠰᠠᠨᠠᠭ᠎ᠠ ᠪᠠᠨ ᠥᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠵᠥᠪ ᠤᠯᠤᠰ ᠲᠥᠷᠥ ᠶᠢᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠢᠯᠠᠩᠭᠤᠶ᠎ᠠ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ᠂ ᠰᠡᠳᠬᠢᠯ ᠳᠡᠭᠡᠨ | ᠲᠣᠭᠲᠠᠭᠠᠵᠤ᠂ ᠪᠣᠳᠠᠲᠠᠶᠢᠵᠢᠭᠤᠯᠬᠤ ᠶᠢ ᠴᠢᠷᠮᠠᠶᠢᠨ ᠠᠬᠢᠭᠤᠯᠵᠤ᠂ ᠰᠢᠷᠭᠠᠭᠤ ᠰᠤᠷᠤᠯᠴᠠᠵᠤ᠂ ᠵᠣᠷᠢᠭᠲᠠᠶ ᠪᠠᠷ | ᠦᠢᠯᠡᠳᠦᠯᠭᠡ ᠬᠢᠵᠦ᠂ ᠬᠦᠴᠦᠲᠡᠶ ᠦᠵᠡᠯ ᠰᠠᠨᠠᠭ᠎ᠠ ᠪᠠᠷ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠲᠡᠶ᠃ ᠤᠭ | ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ ᠪᠣᠯᠤᠨ | ᠦᠢᠯᠡ ᠠᠵᠢᠯᠯᠠᠭ᠎ᠠ ᠶᠢᠨ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ︔ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠡᠷᠴᠢᠮᠵᠢᠭᠦᠯᠬᠦ ᠬᠥᠳᠡᠯᠭᠡᠬᠦ ᠬᠦᠴᠦᠨ | ᠪᠣᠯᠭᠠᠨ ᠬᠤᠪᠢᠷᠠᠭᠤᠯᠬᠤ ᠬᠡᠷᠡᠭᠲᠡᠢ︔ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ᠂ ᠪᠠᠴᠢᠮᠳᠠᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠴᠢᠬᠤᠯᠠ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠶ᠃ ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠣᠬᠢᠷᠲᠤᠯ ᠦᠭᠡᠢ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠣᠯᠤᠨ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠬᠡᠷᠡᠭᠲᠡᠢ︔ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠬᠤᠶᠠᠷ ᠢ ᠬᠠᠮᠠᠭᠠᠯᠠᠬᠤ | ᠤᠯᠤᠰ ᠲᠥᠷᠥ ᠶᠢᠨ ᠥᠨᠳᠥᠷᠴᠡ ᠳᠤ ᠵᠣᠭᠰᠣᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ | ᠲᠠᠰᠤᠷᠠᠯᠲᠠ ᠥᠬᠡᠶ ᠴᠢᠩᠭᠠᠳᠬᠠᠵᠤ᠂ ᠰᠢᠯᠢᠳᠡᠭ ᠰᠤᠷᠲᠠᠯ ᠢ ᠪᠠᠳᠠᠷᠠᠭᠤᠯᠤᠨ᠂ ᠭᠤᠤᠯ ᠰᠡᠳᠦᠪᠲᠦ ᠬᠥᠮᠦᠵᠢᠯ ᠤᠨ | ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠲᠦᠷᠭᠡᠳᠬᠡᠨ ᠠᠬᠢᠭᠤᠯᠤᠨ᠎ᠠ᠃ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠡᠯᠪᠡᠷᠢ ᠶᠢᠨ ᠦᠵᠡᠯ ᠢ ᠶᠡᠬᠡᠪᠡᠷ ᠴᠡᠭᠴᠡᠯᠡᠨ ᠵᠠᠰᠠᠵᠤ᠂ ᠠᠷᠠᠳ | ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ | ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ | ᠲᠠᠰᠤᠷᠠᠯᠲᠠ ᠦᠭᠡᠢ ᠨᠡᠮᠡᠭᠳᠡᠭᠦᠯᠦᠨ᠎ᠡ︔ ᠴᠡᠭᠴᠡᠯᠡᠨ ᠰᠠᠶᠢᠵᠢᠷᠠᠭᠤᠯᠵᠤ ᠪᠡᠶᠡᠯᠡᠭᠦᠯᠦᠭᠰᠡᠨ ᠦᠭᠡᠢ ᠡᠭᠦᠷᠭᠡ ᠶᠢ ᠴᠢᠩᠭ᠎ᠠ | ᠠᠩᠬᠠᠷᠴᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠪᠡᠶᠡᠯᠡᠭᠦᠯᠬᠦ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠬᠤ ᠬᠡᠷᠡᠭᠲᠡᠢ︔ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠳᠠᠭᠠᠭᠤᠯᠤᠨ᠂ | ᠪᠡᠶ᠎ᠡ ᠪᠠᠷ ᠢᠶᠠᠨ ᠬᠢᠵᠦ᠂ ᠠᠰᠠᠭᠤᠳᠠᠯ ᠢ ᠦᠨᠡᠨ ᠬᠦ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ | ᠪᠠᠶᠢᠴᠠᠭᠠᠨ ᠥᠭᠡᠷᠡᠴᠢᠯᠡᠬᠦ᠂ ᠠᠰᠠᠭᠤᠳᠠᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠦᠬᠦ | ᠬᠦᠴᠦᠨ ᠢᠶᠠᠷ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠨᠠᠷ ᠰᠠᠶᠢᠲᠠᠢ | ᠬᠥᠭᠵᠢᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠭᠤᠣᠯᠳᠠᠯᠭ᠎ᠠ ᠲᠠᠢ ᠬᠦᠷᠢᠶᠡᠨ ᠤ ᠠᠵᠢᠯ ᠢ ᠰᠠᠶᠢᠲᠤᠷ | ᠠᠳᠬᠤᠨ᠎ᠠ᠃ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠠᠰᠠᠭᠤᠳᠠᠯ ᠤᠨ ᠡᠬᠢ ᠰᠤᠷᠪᠤᠯᠵᠢ ᠶᠢ | ᠭᠦᠨᠵᠡᠭᠡᠢ ᠠᠭᠤᠳᠠᠯᠵᠤ᠂ ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃ ᠲᠠᠨᠢᠯᠲᠠ | ᠣᠶᠢᠯᠠᠭᠠᠯᠲᠠ ᠪᠠᠨ ᠢᠳᠡᠪᠬᠢᠲᠡᠢ ᠡᠮᠬᠢᠯᠡᠨ ᠭᠦᠨᠵᠡᠭᠡᠶᠢᠷᠡᠭᠦᠯᠵᠦ᠂ ᠳᠡᠭᠡᠳᠦ ᠳᠣᠣᠷᠠᠳᠤ ᠱᠠᠲᠤᠨ ᠤ ᠬᠠᠮᠲᠤᠷᠠᠨ | ᠬᠥᠳᠡᠯᠦᠯᠴᠡᠬᠦ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠤᠭ ᠰᠠᠨᠠᠭ᠎ᠠ ᠪᠠᠨ ᠰᠠᠬᠢᠬᠤ᠂ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠡᠷᠦᠩᠬᠡᠶ | ᠱᠠᠭᠠᠷᠳᠠᠯᠭ᠎ᠠ ᠶᠣᠰᠣᠭᠠᠷ᠂ ᠰᠤᠷᠤᠯᠴᠠᠯᠭ᠎ᠠ ᠬᠥᠮᠦᠵᠢᠯ ᠤᠨ ᠪᠠᠶᠢᠴᠠᠭᠠᠯᠲᠠ ᠰᠤᠳᠤᠯᠭᠠᠨ ᠬᠢᠨᠠᠨ ᠠᠵᠢᠭᠯᠠᠬᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠶᠢᠩᠭᠤᠵᠢᠭᠰᠠᠨ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠵᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠯᠠᠪᠳᠠᠭᠤᠨ | ᠪᠠᠲᠤᠲᠠᠶ ᠠᠬᠢᠭᠤᠯᠬᠤ ᠬᠡᠷᠡᠭᠲᠡᠢ᠃ ᠭᠤᠤᠯ ᠰᠡᠳᠦᠪᠲᠦ ᠬᠥᠮᠦᠵᠢᠯ ᠤᠨ ᠴᠢᠬᠤᠯᠠ ᠲᠣᠬᠢᠶᠠᠯ ᠢ ᠴᠢᠩᠭ᠎ᠠ ᠠᠳᠬᠤᠵᠤ᠂ | ᠵᠣᠷᠢᠭᠲᠠᠢ ᠪᠠᠷ ᠣᠪᠣᠷ ᠰᠤᠷᠲᠠᠯ ᠢᠶᠠᠨ ᠬᠤᠪᠢᠷᠠᠭᠤᠯᠬᠤ ᠬᠡᠷᠡᠭᠲᠡᠢ᠃ ᠲᠡᠷᠢᠭᠦᠨ ᠤ᠂ ᠲᠤᠰᠬᠠᠢ ᠮᠡᠷᠭᠡᠵᠢᠯ ᠤᠨ | ᠠᠵᠢᠯᠯᠠᠭ᠎ᠠ ᠶᠢ ᠴᠢᠷᠮᠠᠶᠢᠨ ᠡᠭᠦᠳᠴᠦ ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ | ᠪᠡᠶᠡᠯᠡᠭᠦᠯᠵᠦ᠂ ᠣᠨᠴᠠᠭᠠᠶᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ | ᠬᠠᠷᠠᠯᠲᠠ ᠶᠢ ᠪᠡᠶᠡᠯᠡᠭᠦᠯᠬᠦ ᠶᠢ ᠪᠠᠲᠤᠯᠠᠨ᠎ᠠ᠃ ᠭᠤᠣᠯ ᠰᠡᠳᠦᠪᠲᠦ ᠬᠥᠮᠦᠵᠢᠯ ᠤᠨ ᠡᠭᠦᠳᠡ ᠪᠠᠨ ᠨᠡᠭᠡᠭᠡᠵᠦ ᠢᠳᠬᠠᠯ | ᠠᠪᠬᠤ ᠵᠡᠷᠭᠡ ᠰᠠᠶᠢᠨ ᠠᠷᠭ᠎ᠠ ᠮᠠᠶ᠋ᠢᠭ ᠢ ᠦᠷᠬᠦᠯᠵᠢᠯᠡᠨ ᠪᠠᠳᠠᠷᠠᠭᠤᠯᠵᠤ᠂ ᠦᠨᠡᠨ ᠪᠣᠳᠠᠲᠠᠶ ᠪᠠᠷ ᠠᠰᠠᠭᠤᠳᠠᠯ ᠢ | ᠰᠢᠳᠪᠦᠷᠢᠯᠡᠵᠤ᠂ ᠭᠤᠤᠯ ᠰᠡᠳᠦᠪᠲᠦ ᠬᠥᠮᠦᠵᠢᠯ ᠤᠨ ᠠᠵᠢᠯ ᠤᠨ ᠰᠤᠷᠲᠠᠯ ᠢ ᠬᠤᠪᠢᠷᠠᠭᠤᠯᠬᠤ᠂ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ | ᠠᠵᠢᠯ ᠲᠠᠢ ᠤᠶᠠᠯᠳᠤᠭᠤᠯᠬᠤ ᠬᠡᠷᠡᠭᠲᠡᠶ᠃ ᠠᠵᠢᠯ ᠤᠨ ᠬᠢᠨᠠᠨ ᠵᠢᠯᠣᠭᠤᠳᠣᠯᠭ᠎ᠠ ᠪᠠ ᠪᠠᠶᠢᠴᠠᠭᠠᠯᠲᠠ ᠪᠠᠨ | ᠴᠢᠩᠭᠠᠳᠬᠠᠵᠤ᠂ ᠪᠦᠲᠦᠮᠵᠢᠲᠡᠢ ᠪᠥᠭᠡᠳ ᠪᠤᠳᠠᠲᠠᠢ ᠪᠠᠶᠢᠭᠤᠯᠤᠮᠵᠢ ᠲᠣᠭᠲᠠᠴᠠ ᠪᠠᠷ ᠭᠤᠣᠯ ᠰᠡᠳᠦᠪᠲᠦ | ᠬᠥᠮᠦᠵᠢᠯ ᠤᠨ ᠦᠨᠡᠨ ᠪᠤᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠢ | ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠤᠨ᠎ᠠ᠃ ︵ᠹᠧᠩ ᠰᠢᠶᠤᠤ ᠮᠢᠨ᠂ ᠴᠧᠨ ᠪᠥᠸᠧ︶ |