ᠴᠢᠩ ᠱᠦᠶ ᠾᠧ ᠰᠢᠶᠠᠨ ᠪᠦᠬᠦ ᠰᠢᠶᠠᠨ ᠤ ᠪᠠᠭ᠎ᠠ ᠰᠤᠷᠭᠠᠭᠤᠯᠢ ᠶᠢᠨ ᠳᠣᠤᠷ᠎ᠠ ᠠᠩᠭᠢ ᠳᠤ ᠰᠤᠷᠭᠠᠭᠤᠯᠢ ᠡᠬᠢᠯᠡᠬᠦ ᠪᠠ ᠬᠢᠴᠢᠶᠡᠯ ᠰᠡᠷᠭᠦᠭᠡᠬᠦ ᠦᠨᠡᠯᠡᠨ ᠵᠢᠱᠢᠯᠲᠡ ᠥᠷᠨᠢᠭᠦᠯᠪᠡ
ᠨᠡᠶᠢᠲᠡᠯᠡᠭᠰᠡᠨ ᠴᠠᠭ᠄
2020-06-03
      ︽ᠪᠠᠭ᠎ᠠ ᠰᠤᠷᠭᠠᠭᠤᠯᠢ ᠶᠢᠨ ᠳᠣᠣᠷ᠎ᠠ ᠠᠩᠭᠢ ᠶᠢᠨ ᠰᠤᠷᠭᠠᠭᠤᠯᠢ ᠡᠬᠢᠯᠡᠬᠦ ᠬᠢᠴᠢᠶᠡᠯ ᠰᠡᠷᠭᠦᠭᠡᠬᠦ ᠲᠤᠬᠠᠶ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 2020 ᠣᠨ ᠤ 5 ᠳ᠋ᠤᠭᠠᠷ ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠮᠲᠤᠷᠠᠭᠰᠠᠨ ᠦᠨᠡᠯᠡᠨ ᠵᠢᠱᠢᠵᠦ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠮᠠᠨ ᠤ ᠰᠢᠶᠠᠨ ᠤ ᠪᠠᠭ᠎ᠠ ᠰᠤᠷᠭᠠᠭᠤᠯᠢ ᠶᠢᠨ ᠳᠣᠤᠷ᠎ᠠ ᠠᠩᠭᠢ ᠶᠢᠨ 6 ᠪᠠᠭ᠎ᠠ ᠰᠤᠷᠭᠠᠭᠤᠯᠢ ᠪᠣᠯᠤᠨ 6 ᠵᠢᠭᠠᠨ ᠰᠤᠷᠭᠠᠬᠤ ᠴᠡᠭ ᠲᠤ ᠰᠤᠷᠭᠠᠭᠤᠯᠢ ᠡᠬᠢᠯᠡᠬᠦ ᠬᠢᠴᠢᠶᠡᠯ ᠰᠡᠷᠭᠦᠭᠡᠬᠦ ᠦᠨᠡᠯᠡᠯᠲᠡ ᠬᠢᠵᠡᠶ᠂ ᠰᠤᠷᠭᠠᠭᠤᠯᠢ ᠶᠢᠨ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ᠂ ᠴᠤᠪᠤᠷᠠᠯ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠰᠠᠯᠭᠠᠨ ᠶᠠᠪᠤᠭᠤᠯᠬᠤ ᠵᠠᠮ᠂ ᠪᠡᠶ᠎ᠡ ᠶᠢᠨ ᠳᠤᠯᠠᠭᠠᠨ ᠤ ᠬᠢᠨᠠᠨ ᠬᠡᠮᠵᠢᠯᠲᠡ᠂ ᠠᠷᠢᠭᠤᠳᠬᠠᠯ᠂ ᠡᠳ᠋ ᠪᠣᠳᠠᠰ ᠨᠥᠭᠡᠴᠡᠯᠡᠬᠦ ᠵᠡᠷᠭᠡ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠬᠢᠨᠠᠨ ᠵᠢᠯᠣᠭᠤᠳᠴᠤ ᠦᠨᠡᠯᠡᠵᠡᠶ᠃ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠵᠠᠰᠠᠬᠤ ᠰᠠᠨᠠᠭᠤᠯᠭ᠎ᠠ ᠳᠤᠷᠠᠳᠪᠠ᠂ ᠦᠨᠡᠯᠡᠨ ᠵᠢᠱᠢᠯᠲᠡ ᠪᠠᠷ ᠳᠡᠮᠵᠢᠨ ᠮᠠᠨ ᠤ ᠰᠢᠶᠠᠨ ᠤ ᠪᠣᠶ ᠪᠥᠬᠦᠶ ᠳᠣᠤᠷ᠎ᠠ ᠣᠨ ᠤ ᠪᠠᠭ᠎ᠠ ᠰᠤᠷᠭᠠᠭᠤᠯᠢ ᠴᠥᠮ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号