ᠬᠤᠲᠠ ᠶᠢᠨ ᠵᠠᠰᠠᠭ ᠤᠨ ᠣᠷᠳᠣᠨ ᠤ 2020 ᠣᠨ ᠤ 7 ᠳ᠋ᠤᠭᠠᠷ ᠤᠳᠠᠭ᠎ᠠ ᠶᠢᠨ ᠭᠤᠣᠯᠳᠠᠯᠭ᠎ᠠ ᠲᠠᠢ ᠠᠵᠢᠯ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-03
ᠵᠠᠩ ᠪᠠᠢ ᠴᠧᠩ ᠡᠷᠬᠢᠯᠡᠵᠦ  ᠯᠥᠸᠧ ᠴᠢᠩ ᠣᠷᠣᠯᠴᠠᠪᠠ       ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 6 ᠳ᠋ᠤᠭᠠᠷ ᠰᠠᠷ᠎ᠠ ᠶᠢᠨ 1 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 7 ᠳ᠋ᠤᠭᠠᠷ ᠤᠳᠠᠭ᠎ᠠ ᠶᠢᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠪᠦᠬᠦ ᠬᠤᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠥᠷᠢ ᠥᠭᠴᠡᠭᠡ ᠶᠢ ᠢᠯᠭᠠᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠵᠡᠷᠭᠡ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠨᠢ ᠠᠵᠤ ᠠᠬᠤᠢ ᠶᠢᠨ ᠬᠥᠭᠵᠢᠯᠲᠡ ᠶᠢᠨ ᠡᠭᠦᠷᠭᠡ ᠪᠣᠯᠬᠤ ᠪᠠᠷ ᠪᠠᠷᠠᠬᠤ ᠦᠭᠡᠢ᠂ ᠨᠡᠩ ᠴᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠠᠷ ᠲᠠᠭᠠᠨ ᠴᠢᠩᠭ᠎ᠠ ᠠᠳᠬᠤᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ᠂ ᠡᠰᠢ ᠰᠦᠷᠡᠯ ᠢ ᠵᠠᠳᠠᠭᠠᠢ ᠰᠢᠲᠠᠭᠠᠬᠤ᠂ ᠪᠠᠷᠢᠯᠭ᠎ᠠ ᠶᠢᠨ ᠭᠠᠵᠠᠷ ᠤᠨ ᠰᠢᠷᠣᠢ ᠲᠣᠭᠤᠰᠣ ᠵᠡᠷᠭᠡ ᠶᠢ ᠶᠡᠷᠦᠩᠬᠡᠶᠢᠯᠡᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠲᠥᠪ ᠬᠤᠲᠠ ᠶᠢᠨ ᠠᠭᠠᠷ ᠮᠠᠨᠳᠠᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ︔ ︽ᠴᠠᠭ ᠬᠠᠭᠠᠰ ᠥᠩᠭᠡᠷᠡᠬᠦ ᠳᠤ ᠡᠭᠦᠷᠭᠡ ᠶᠢ ᠬᠠᠭᠠᠰ ᠪᠡᠶᠡᠯᠡᠭᠦᠯᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠥᠷᠢ ᠥᠭᠴᠡᠭᠡ ᠶᠢ ᠢᠯᠭᠠᠷᠠᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠡᠷᠡᠰ ᠨᠠᠶᠢᠳᠠᠪᠤᠷᠢᠵᠢᠭᠤᠯᠵᠤ᠂ ᠴᠠᠭ ‍ᠤᠨ‌‍ᠲ᠋ᠠᠷᠠᠭᠠᠯᠠᠯ ᠤᠨ ᠠᠬᠢᠴᠠ ᠶᠢᠨ ᠶᠣᠰᠣᠭᠠᠷ ᠥᠷᠢ ᠥᠭᠴᠡᠭᠡ ᠶᠢ ᠢᠯᠭᠠᠷᠠᠭᠤᠯᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ︔ ᠮᠢᠨᠴᠦᠭᠦᠷᠡᠬᠦ ᠦᠵᠡᠯ ᠰᠠᠨᠠᠭ᠎ᠠ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠬᠠᠮᠤᠭ ᠰᠡᠭᠦᠯ ᠤᠨ ᠰᠢᠪᠲᠤᠯᠤᠯᠲᠠ ᠶᠢᠨ ᠬᠤᠭᠤᠴᠠᠭ᠎ᠠ ᠶᠢ ᠰᠠᠶᠢᠲᠤᠷ ᠠᠰᠢᠭᠯᠠᠨ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠭᠢᠵᠦ ᠬᠠᠷᠠᠬᠤ︾ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢᠨ ᠦᠨᠡᠯᠡᠨ ᠰᠢᠯᠭᠠᠯᠲᠠ ᠪᠠᠷ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠣᠪᠣᠶᠢᠯᠭᠠᠨ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡ ᠬᠦ  ᠬᠠᠲᠠᠭᠤ ᠳᠠᠶᠢᠯᠠᠯᠳᠤᠭᠠᠨ ᠢ ᠡᠷᠡᠰ ᠬᠢᠵᠦ ᠢᠯᠠᠯᠲᠠ ᠣᠯᠣᠨ᠂ ᠴᠢᠨᠡᠭᠡᠯᠢᠭ ᠨᠡᠶᠢᠭᠡᠮ ᠢ ᠪᠦᠬᠦ  ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠪᠢ ᠭᠥᠸᠧ ᠴᠧᠨ᠂ ᠵᠸᠦ ᠴᠢᠶᠠᠩ᠂ ᠹᠦ᠋ ᠪᠢᠨ᠂ ᠴᠢᠶᠥᠥ ᠶᠦᠨ ᠯᠢ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号