ᠸᠠᠩ ᠯᠢ ᠰᠢᠶᠠ ᠬᠤᠲᠠ ᠶᠢᠨ ᠵᠠᠮ ᠱᠤᠭᠤᠮ ᠢ ᠥᠭᠡᠷᠡᠴᠢᠯᠡᠵᠦ ᠰᠡᠷᠭᠦᠭᠡᠬᠦ ᠪᠠ ᠴᠡᠯᠡᠭᠡᠷ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠣᠯᠠᠨ ᠲᠦᠮᠡᠨ ᠤ ᠵᠣᠭᠰᠣᠴᠠ ᠠᠴᠠ ᠤᠴᠢᠷ ᠢ ᠪᠣᠳᠣᠨ ᠤᠴᠢᠷ ᠢ ᠪᠦᠲᠦᠭᠡᠵᠦ ᠶᠠᠰᠤ ᠴᠢᠨᠠᠷᠲᠤ ᠬᠥᠬᠡᠬᠤᠲᠠ ᠵᠣᠯ ᠵᠢᠷᠭᠠᠯᠲᠤ ᠬᠥᠬᠡᠬᠤᠲᠠ ᠶᠢ ᠣᠯᠠᠨ ᠲᠦᠮᠡᠨ ᠳᠤ ᠨᠡᠩ ᠠᠰᠢᠭᠲᠠᠢ ᠪᠣᠯᠭᠠᠬᠤ ᠬᠡᠷᠡᠭᠲᠡᠢ
ᠨᠡᠶᠢᠲᠡᠯᠡᠭᠰᠡᠨ ᠴᠠᠭ᠄
2020-06-03
ᠵᠠᠩ ᠪᠠᠢ ᠴᠧᠩ ᠣᠷᠣᠯᠴᠠᠪᠠ       ︵ᠰᠤᠷᠪᠤᠯᠵᠢᠯᠠᠭᠴᠢ ᠹᠧᠩ ᠶᠠᠨ ᠫᠢᠩ︶ 6 ᠳ᠋ᠤᠭᠠᠷ ᠰᠠᠷ᠎ᠠ ᠶᠢᠨ 2 ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠲᠠ ᠶᠢᠨ ᠵᠠᠮ ᠱᠤᠭᠤᠮ ᠢ ᠥᠭᠡᠷᠡᠴᠢᠯᠡᠵᠦ ᠰᠡᠷᠭᠦᠭᠡᠬᠦ ᠪᠠ ᠴᠡᠯᠡᠭᠡᠷ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠣᠯᠠᠨ ᠲᠦᠮᠡᠨ ᠤ ᠵᠣᠭᠰᠣᠴᠠ ᠠᠴᠠ ᠤᠴᠢᠷ ᠢ ᠪᠣᠳᠣᠨ ᠤᠴᠢᠷ ᠢ ᠪᠦᠲᠦᠭᠡᠵᠦ᠂ ᠥᠨᠳᠥᠷ ᠬᠢᠷᠢ ᠪᠦᠲᠦᠮᠵᠢ᠂ ᠲᠦᠷᠭᠡᠨ ᠠᠵᠢᠯᠯᠠᠭ᠎ᠠ ᠪᠠᠷ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠶᠠᠰᠤ ᠴᠢᠨᠠᠷᠲᠤ ᠬᠥᠬᠡᠬᠤᠲᠠ ᠵᠣᠯ ᠵᠢᠷᠭᠠᠯᠲᠤ ᠬᠥᠬᠡᠬᠤᠲᠠ ᠶᠢ ᠣᠯᠠᠨ ᠲᠦᠮᠡᠨ ᠳᠤ ᠨᠡᠩ ᠠᠰᠢᠭᠲᠠᠢ ᠪᠣᠯᠭᠠᠬᠤ ᠬᠡᠷᠡᠭᠲᠡᠢ ᠭᠡᠪᠡ᠃      ᠲᠤᠰ ᠡᠳᠦᠷ᠂ ᠸᠠᠩ ᠯᠢ ᠰᠢᠶᠠ ᠤᠷᠢᠳ ᠬᠤᠵᠢᠳ ᠶᠢᠨ ᠬᠠᠢ ᠵᠠᠮ᠂ ᠪᠠᠶᠠᠨ ᠵᠠᠮ ᠤᠨ ᠬᠤᠲᠣᠩ ᠠᠷᠠᠳ ᠤᠨ ᠲᠣᠭᠤᠷᠢᠭ ᠤᠨ ᠬᠡᠰᠡᠭ᠂ ᠰᠢᠨᠬᠤᠸᠠ ᠶᠡᠭᠡ ᠵᠡᠭᠡᠯᠢ᠂ ᠵᠢᠷᠢᠮ ᠵᠠᠮ ᠤᠨ ᠵᠠᠮ ᠱᠤᠭᠤᠮ ᠤᠨ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠶᠢᠨ ᠠᠬᠤᠢ  ᠲᠠᠯᠠᠪᠤᠷ ᠲᠤ ᠬᠦᠨᠵᠡᠭᠡᠶᠢᠷᠡᠨ᠂ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠭᠦᠨᠵᠡᠭᠡᠢ ᠶᠠᠷᠢᠯᠴᠠᠨ ᠵᠠᠮ ᠱᠤᠭᠤᠮ ᠤᠨ ᠪᠠᠷᠢᠯᠭ᠎ᠠ ᠶᠢᠨ ᠶᠠᠪᠤᠴᠠ ᠳᠤᠮᠳᠠ ᠲᠣᠬᠢᠶᠠᠯᠳᠤᠭᠰᠠᠨ ᠬᠦᠴᠢᠷᠳᠡᠯ ᠪᠠ ᠠᠰᠠᠭᠤᠳᠠᠯ ᠢ ᠣᠶᠢᠯᠠᠭᠠᠵᠤ᠂ ᠠᠬᠤᠢ ᠭᠠᠵᠠᠷ ᠨᠢ ᠰᠤᠳᠤᠯᠤᠨ ᠰᠢᠢᠳᠪᠦᠷᠢᠯᠡᠪᠡ᠃ ᠸᠠᠩ ᠯᠢ ᠰᠢᠶᠠ ᠱᠠᠭᠠᠷᠳᠠᠭᠰᠠᠨ ᠨᠢ᠂ ᠠᠶᠤᠯᠭᠦᠢ ᠪᠠ ᠶᠠᠰᠤ ᠴᠢᠨᠠᠷ ᠢ ᠪᠠᠲᠤᠯᠠᠭᠰᠠᠨ ᠤᠷᠢᠳᠠᠯ ᠳᠣᠣᠷ᠎ᠠ᠂ ᠬᠦᠴᠢᠷ ᠪᠡᠷᠬᠡ ᠶᠢ ᠢᠯᠠᠨ ᠳᠠᠪᠠᠵᠤ᠂ ᠨᠥᠬᠦᠴᠡᠯ ᠪᠦᠷᠢᠯᠳᠦᠭᠦᠯᠦᠨ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠵᠤ᠂ ᠪᠠᠷᠢᠯᠭ᠎ᠠ ᠶᠢᠨ ᠲᠣᠭᠲᠠᠭᠰᠠᠨ ᠴᠠᠭ ᠲᠠᠭᠠᠨ ᠳᠠᠭᠤᠰᠬᠤ ᠶᠢ ᠪᠠᠲᠤᠯᠠᠬᠤ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠵᠠᠮ ᠱᠤᠭᠤᠮ ᠢ ᠥᠭᠡᠷᠡᠴᠢᠯᠡᠨ ᠰᠠᠶᠢᠵᠢᠷᠠᠭᠤᠯᠬᠤ ᠨᠢ ᠵᠠᠮ ᠬᠠᠷᠢᠯᠴᠠᠭᠠᠨ ᠤ ᠳᠠᠷᠤᠭᠠᠰᠤ ᠶᠢ ᠬᠥᠩᠭᠡᠯᠡᠵᠦ᠂ ᠵᠠᠮ ᠱᠤᠭᠤᠮ ᠤᠨ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ ᠣᠷᠣᠰᠢᠨ ᠰᠠᠭᠤᠬᠤ ᠳᠤ ᠲᠠᠭᠠᠲᠠᠢ ᠬᠤᠲᠠ ᠶᠢ ᠪᠦᠲᠦᠭᠡᠨ ᠪᠠᠶᠢᠭᠤᠯᠬᠤ ᠶᠢᠨ ᠱᠠᠭᠠᠷᠳᠠᠯᠭ᠎ᠠ ᠮᠥᠨ᠂ ᠠᠷᠠᠳ ᠤᠨ ᠠᠮᠢᠳᠤᠷᠠᠯ ᠤᠨ ᠨᠢᠭᠡᠨ ᠴᠢᠬᠤᠯᠠ ᠶᠡᠭᠡ ᠢᠨᠵᠧᠨᠧᠷᠢᠩ ᠮᠥᠨ᠃ ᠠᠵᠢᠯ ᠤᠨ ᠣᠶᠢᠯᠠᠭᠠᠭᠳᠠᠬᠤᠨ ᠪᠠ ᠠᠵᠢᠯ ᠤᠨ ᠬᠡᠪ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠳᠥᠲᠡ ᠰᠠᠭᠠᠳ ᠦᠭᠡᠢ ᠪᠣᠯᠭᠠᠬᠤ ᠪᠠᠷ ᠬᠠᠷᠠᠯᠲᠠ ᠪᠠᠨ ᠪᠣᠯᠭᠠᠨ᠂ ᠨᠡᠩ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠬᠤᠸᠠᠷ ᠬᠠᠳᠬᠤᠬᠤ︾  ᠡᠷᠳᠡᠮ ᠢᠶᠠᠷ ᠵᠠᠮ ᠱᠤᠭᠤᠮ ᠤᠨ ᠲᠠᠰᠤᠯᠪᠤᠷᠢ ᠭᠠᠵᠠᠷ ᠢ ᠨᠣᠭᠤᠭᠠᠷᠠᠭᠤᠯᠵᠤ ᠴᠢᠮᠡᠭᠯᠡᠬᠦ ᠠᠵᠢᠯ ᠢ ᠰᠠᠶᠢᠲᠤᠷ ᠬᠢᠵᠦ᠂ ᠰᠠᠭᠤᠷᠢ ᠮᠣᠳᠣ ᠰᠢᠷᠬᠡᠭ ᠡᠪᠡᠰᠦ ᠪᠦᠷᠢ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠵᠣᠬᠢᠴᠠᠭᠤᠯᠤᠨ ᠲᠣᠬᠢᠷᠠᠭᠤᠯᠬᠤ ᠬᠦᠴᠦᠯᠡᠴᠡ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠠᠵᠢᠯᠯᠠᠵᠤ᠂ ᠪᠠᠷᠢᠯᠭ᠎ᠠ ᠶᠢ ᠨᠥᠯᠥᠭᠡᠯᠡᠬᠦ ᠡᠯ᠎ᠡ ᠵᠦᠢᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠂ ᠲᠥᠷᠥᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠨᠡᠮᠡᠭᠳᠡᠭᠦᠯᠵᠦ᠂ ᠣᠯᠠᠨ ᠲᠦᠮᠡᠨ ᠤ ᠬᠦᠷᠲᠡᠭᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ      ᠴᠡᠯᠡᠭᠡᠷ ᠲᠠᠯ᠎ᠠ ᠶᠢᠨ ᠠᠮᠢ ᠠᠬᠤᠢ ᠶᠢᠨ ᠬᠤᠩᠭᠢᠯ ᠳᠠᠭᠠᠤ ᠶᠢᠨ ᠠᠮᠢ ᠠᠬᠤᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠲᠥᠯᠥᠪᠵᠢᠭᠦᠯᠭᠡ ᠨᠢ ᠬᠤᠷᠴᠢᠨ ᠬᠤᠷᠳᠤᠨ ᠤ ᠵᠠᠮ ᠪᠣᠯᠣᠨ ᠬᠥᠬᠡᠲᠠᠯ᠎ᠠ ᠶᠡᠭᠡ ᠵᠡᠭᠡᠯᠢ ᠶᠢᠨ ᠠᠭᠤᠯᠵᠠᠷ ᠭᠠᠵᠠᠷ ᠢᠶᠠᠷ ᠡᠬᠢᠯᠡᠯᠲᠡ ᠪᠣᠯᠭᠠᠨ ᠴᠡᠯᠡᠭᠡᠷ ᠲᠠᠯ᠎ᠠ ᠪᠠᠷ ᠲᠡᠭᠦᠰᠬᠡᠯ ᠪᠣᠯᠭᠠᠵᠤ᠂ ᠶᠡᠷᠦᠩᠬᠡᠢ ᠲᠥᠯᠥᠪᠵᠢᠭᠦᠯᠭᠡ ᠶᠢᠨ ᠲᠠᠯᠠᠪᠠᠢ ᠪᠠᠷᠤᠭ 8033 ᠮᠤ᠋ ᠬᠦᠷᠴᠦ᠂ ᠬᠥᠬᠡᠲᠠᠯ᠎ᠠ ᠶᠡᠭᠡ ᠵᠡᠭᠡᠯᠢ ᠶᠢᠨ ᠣᠳᠣᠬᠢ ᠵᠠᠮ ᠬᠠᠷᠢᠯᠴᠠᠭᠠᠨ ᠤ ᠴᠢᠳᠠᠪᠤᠷᠢ ᠶᠢ ᠥᠭᠡᠷᠡᠴᠢᠯᠡᠬᠦ ᠦᠭᠡᠢ ᠪᠠᠶᠢᠬᠤ ᠤᠷᠢᠳᠠᠯ ᠳᠣᠣᠷ᠎ᠠ᠂ ᠣᠢ ᠮᠣᠳᠣ ᠲᠠᠢ ᠲᠠᠯ᠎ᠠ ᠨᠤᠲᠤᠭ ᠤᠨ ᠪᠠᠶᠢᠳᠠᠯ ᠢ ᠪᠣᠢ ᠪᠣᠯᠭᠠᠵᠤ᠂ ᠴᠡᠯᠡᠭᠡᠷ ᠲᠠᠯ᠎ᠠ ᠶᠢᠨ ᠲᠥᠷᠥᠯ ᠲᠡᠮᠳᠡᠭᠲᠦ ᠶᠢ ᠡᠭᠦᠳᠦᠨ᠎ᠡ᠃      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠲᠤ᠂ ᠸᠠᠩ ᠯᠢ ᠰᠢᠶᠠ ᠲᠥᠷᠥᠯ ᠵᠦᠢᠯ ᠤᠨ ᠬᠠᠷᠢᠭᠤᠴᠠᠯᠭᠠᠲᠠᠨ ᠤ ᠪᠠᠷᠢᠯᠭ᠎ᠠ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠵᠣᠭᠰᠣᠯᠲᠠ ᠪᠠᠨ ᠪᠠᠷᠢᠮᠲᠠᠯᠠᠨ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢᠨ ᠤᠳᠤᠷᠢᠳᠤᠮᠵᠢ ᠶᠢ ᠪᠠᠲᠤ ᠪᠣᠢ ᠪᠣᠯᠭᠠᠵᠤ᠂  ᠤᠳᠠᠭᠠᠨ ᠲᠠᠭᠠᠭᠠᠮᠠᠭᠠᠢ ᠵᠢᠳᠬᠦᠨ ᠴᠢᠷᠮᠠᠶᠢᠵᠤ᠂ ᠡᠨᠡ ᠬᠦ  ᠲᠠᠯ᠎ᠠ ᠨᠤᠲᠤᠭ ᠢᠶᠠᠨ ᠦᠷᠭᠦᠯᠵᠢᠯᠡᠨ ᠬᠦᠴᠦᠯᠡᠨ ᠪᠦᠲᠦᠭᠡᠨ ᠪᠠᠶᠢᠭᠤᠯᠵᠤ᠂  ᠬᠤᠩᠭᠤᠷ ᠰᠠᠯᠬᠢᠨ ᠳᠤ ᠡᠪᠡᠰᠦ ᠨᠠᠶᠢᠭᠤᠬᠤ ᠳᠤ ᠬᠤᠨᠢ ᠦᠬᠡᠷ ᠢᠷᠠᠭᠰᠠᠨ ᠴᠡᠯᠡᠭᠡᠷ ᠲᠠᠯ᠎ᠠ ᠶᠢᠨ ᠰᠠᠶᠢᠬᠠᠨ ᠦᠵᠡᠮᠵᠢ ᠶᠢ ᠲᠠᠬᠢᠨ ᠰᠡᠷᠭᠦᠭᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠨᠡᠩ ᠪᠠᠬᠢᠵᠢᠭᠦᠯᠦᠨ ᠪᠠᠶᠢᠭᠤᠯᠬᠤ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠦ᠋ ᠸᠧᠨ ᠮᠢᠩ᠂ ᠹᠦ᠋ ᠪᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号