| | | ᠥᠴᠥᠭᠡᠳᠦᠷ᠂ ᠮᠠᠨ ᠤ ᠬᠤᠲᠠ ᠶᠢᠨ ᠪᠠᠭ᠎ᠠ ᠰᠤᠷᠭᠠᠭᠤᠯᠢ ᠶᠢᠨ ᠨᠢᠭᠡ ᠠᠴᠠ ᠭᠤᠷᠪᠠᠳᠤᠭᠠᠷ ᠣᠨ ᠤ | ᠰᠤᠷᠤᠭᠴᠢ ᠰᠤᠷᠭᠠᠭᠤᠯᠢ ᠳᠠᠭᠠᠨ ᠪᠤᠴᠠᠨ ᠬᠢᠴᠢᠶᠡᠯ ᠢᠶᠠᠨ ᠰᠡᠷᠭᠦᠭᠡᠭᠰᠡᠨ ᠢᠶᠠᠷ᠂ ᠬᠥᠬᠡᠬᠤᠲᠠ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠡᠯ᠎ᠡ ᠣᠨ ᠪᠦᠬᠦᠨ ᠢᠶᠠᠷ ᠢᠶᠠᠨ ᠬᠢᠴᠢᠶᠡᠯ ᠢᠶᠠᠨ ᠰᠡᠷᠭᠦᠭᠡᠵᠦ᠂ ᠬᠡᠦᠬᠡᠳ ᠤᠳ ᠴᠦ ᠣᠨᠴᠠᠭᠠᠢ | ᠤᠷᠲᠤ ︽ᠡᠪᠦᠯ ᠤᠨ ᠠᠮᠠᠷᠠᠯᠲᠠ︾ ᠪᠠᠨ ᠲᠡᠭᠦᠰᠬᠡᠵᠦ᠂ ᠰᠤᠷᠭᠠᠭᠤᠯᠢ ᠳᠤ ᠪᠤᠴᠠᠬᠤ ︽ᠪᠤᠳᠤᠯᠢᠶᠠᠨᠲᠠᠢ︾ | ᠶᠠᠪᠤᠴᠠ ᠶᠢ ᠥᠩᠭᠡᠷᠡᠭᠡᠨ᠂ ᠡᠮᠬᠢ ᠵᠢᠷᠤᠮ ᠲᠠᠢ ᠪᠠᠷ ᠰᠤᠷᠭᠠᠭᠤᠯᠢ ᠶᠢᠨ ᠠᠮᠢᠳᠤᠷᠠᠯ ᠢᠶᠠᠨ ᠡᠬᠢᠯᠡᠭᠦᠯᠪᠡ᠃ 3 ᠳ᠋ᠤᠭᠠᠷ | ᠰᠠᠷ᠎ᠠ ᠶᠢᠨ 30 ᠤ ᠡᠳᠦᠷ᠂ ᠮᠠᠨ ᠤ ᠬᠤᠲᠠ ᠶᠢᠨ ᠨᠢᠭᠡᠳᠦᠭᠡᠷ ᠪᠦᠯᠦᠭ ᠬᠢᠴᠢᠶᠡᠯ ᠰᠡᠷᠭᠦᠭᠡᠭᠰᠡᠨ ᠠᠩᠬ᠎ᠠ ᠲᠤᠮᠳᠠᠳᠤ ᠂ | ᠳᠡᠭᠡᠳᠦ ᠳᠤᠮᠳᠠᠳᠤ ᠶᠢᠨ ᠭᠤᠷᠪᠠᠳᠤᠭᠠᠷ ᠣᠨ ᠠᠴᠠ ᠡᠬᠢᠯᠡᠨ᠂ ᠬᠢᠴᠢᠶᠡᠯ ᠰᠡᠷᠭᠦᠭᠡᠬᠦ ᠠᠵᠢᠯ ᠨᠢᠭᠡᠨᠲᠡ ᠬᠤᠶᠠᠷ ᠰᠠᠷ᠎ᠠ | ᠶᠠᠪᠤᠭᠳᠠᠪᠠ᠃ ᠡᠨᠡ ᠬᠤᠭᠤᠴᠠᠭᠠᠨ ᠳᠤ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠶᠢᠨ | ᠣᠶᠢᠯᠠᠭᠠᠭᠰᠠᠨ ᠢᠶᠠᠷ᠂ ︽ᠰᠥᠷᠥᠨ ᠤᠷᠤᠭᠰᠢᠯᠠᠭᠴᠢ︾ ᠳᠤ ᠬᠦᠨᠳᠦᠳᠬᠡᠯ ᠳᠡᠪᠰᠢᠭᠦᠯᠬᠦ ᠰᠤᠷᠭᠠᠭᠤᠯᠢ ᠡᠬᠢᠯᠡᠬᠦ | ᠭᠤᠣᠯ ᠰᠡᠳᠦᠪᠲᠦ ᠬᠢᠴᠢᠶᠡᠯ ᠨᠢ ᠣᠨᠴᠠᠭᠠᠢ ᠴᠠᠭ ᠦᠶ᠎ᠡ ᠳᠤ ᠰᠤᠷᠤᠭᠴᠢᠳ ᠤᠨ ᠰᠤᠷᠤᠯᠴᠠᠬᠤ ︽ᠦᠨᠳᠦᠰᠦᠨ | ᠬᠢᠴᠢᠶᠡᠯ︾ ᠪᠣᠯᠵᠠᠢ᠃ ᠡᠨᠡ ᠨᠢ ᠬᠠᠮᠤᠭ ᠤᠨ ᠰᠡᠳᠬᠢᠯ ᠳᠤᠯᠠᠭᠠᠴᠠᠭᠤᠯᠤᠮᠠ᠂ ᠬᠠᠮᠤᠭ ᠤᠨ ᠴᠡᠭᠡᠵᠢᠯᠡᠬᠦ ᠶᠣᠰᠣᠲᠠᠢ | ᠬᠢᠴᠢᠶᠡᠯ ᠮᠥᠨ ᠭᠡᠵᠦ ᠭᠡᠷ ᠤᠨ ᠠᠬᠠᠮᠠᠳ ᠤᠳ ᠦᠵᠡᠵᠡᠭᠡᠵᠦ ᠪᠠᠶᠢᠨ᠎ᠠ᠃ ᠡᠭᠦᠨ ᠤ ᠬᠠᠮᠲᠤ᠂ ᠬᠢᠴᠢᠶᠡᠯ ᠰᠡᠷᠭᠦᠭᠡᠬᠦ | ᠠᠵᠢᠯ ᠳᠤᠮᠳᠠ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠬᠢᠵᠢᠭ ᠢ ᠰᠡᠷᠭᠡᠶᠢᠯᠡᠬᠦ ᠠᠵᠢᠯ ᠢ ᠡᠮᠬᠢ ᠵᠢᠷᠤᠮ | ᠲᠠᠢ ᠰᠠᠶᠢᠨ ᠬᠢᠵᠦ᠂ ᠰᠤᠷᠤᠭᠴᠢᠳ ᠲᠤ ᠠᠶᠤᠯᠭᠦᠢ ᠶᠢᠨ ᠪᠠᠲᠤᠯᠠᠭ᠎ᠠ ᠬᠠᠩᠭᠠᠵᠠᠢ᠃ |