6 ᠳ᠋ᠤᠭᠠᠷ ᠰᠠᠷ᠎ᠠ ᠶᠢᠨ 28 ᠤ ᠡᠳᠦᠷ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠤᠷᠳᠤᠨ ᠤ ᠳᠠᠷᠤᠭ᠎ᠠ ᠹᠠᠨ ᡁᠢ ᠵᠥᠩ ᠰᠢᠨ᠎ᠡ ᠬᠤᠲᠠ ᠲᠣᠭᠤᠷᠢᠭ ᠤᠨ ᠲᠦᠯᠡᠰᠢᠨ | ᠨᠡᠭᠦᠷᠡᠰᠦ ᠶᠢ ᠴᠡᠪᠡᠷᠰᠢᠭᠦᠯᠬᠦ ᠲᠤᠬᠠᠢ ᠶᠢᠨ ᠲᠠᠯᠠᠪᠠᠢ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ ᠰᠢᠨ᠎ᠡ ᠬᠤᠲᠠ ᠲᠣᠭᠤᠷᠢᠭ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠢᠨ᠎ᠡ ᠬᠤᠲᠠ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠡᠷᠡᠭ ᠡᠷᠬᠢᠯᠡᠬᠦ | ᠭᠠᠵᠠᠷ᠂ ᠪᠤᠷᠤᠬᠤᠰᠢᠭᠤ ᠪᠠᠯᠭᠠᠰᠤ᠂ ᠬᠦᠬᠡᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ᠂ ᠡᠯ᠎ᠡ ᠢᠯᠴᠢ ᠬᠠᠩᠭᠠᠬᠤ | ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠡᠯ᠎ᠡ ᠬᠡᠷᠡᠭ ᠡᠷᠬᠢᠯᠡᠬᠦ ᠭᠠᠵᠠᠷ᠂ ᠪᠤᠷᠤᠬᠤᠰᠢᠭᠤ ᠪᠠᠯᠭᠠᠰᠤ᠂ ᠡᠯ᠎ᠡ ᠢᠯᠴᠢ ᠬᠠᠩᠭᠠᠬᠤ | ᠠᠵᠤ ᠠᠬᠤᠶᠢᠯᠠᠯ᠂ ᠴᠠᠬᠢᠯᠭᠠᠨ ᠬᠠᠩᠭᠠᠬᠤ ᠲᠣᠪᠴᠢᠶ᠎ᠠ ᠠᠷᠢᠭᠤᠨ ᠴᠡᠪᠡᠷ ᠲᠦᠯᠡᠰᠢᠨ ᠨᠡᠭᠦᠷᠡᠰᠦ ᠶᠢ ᠥᠭᠡᠷᠡᠴᠢᠯᠡᠬᠦ | ᠠᠵᠢᠯ ᠤᠨ ᠠᠬᠢᠴᠠ ᠶᠢᠨ ᠪᠠᠶᠢᠳᠠᠯ ᠵᠢᠴᠢ ᠲᠤᠯᠭᠠᠷᠠᠭᠰᠠᠨ ᠠᠰᠠᠭᠤᠳᠠᠯ ᠢ ᠬᠠᠷᠢᠭᠤ ᠮᠡᠳᠡᠭᠦᠯᠦᠭᠰᠡᠨ ᠪᠥᠭᠡᠳ | ᠲᠠᠷᠠᠭᠠᠴᠢ ᠶᠢᠨ ᠠᠯᠬᠤᠮ ᠤᠨ ᠠᠵᠢᠯ ᠠᠬᠢᠭᠤᠯᠬᠤ ᠲᠤᠬᠠᠶ ᠲᠥᠯᠥᠪᠵᠢᠭᠦᠯᠪᠡ ᠳᠤᠷᠠᠳᠪᠠ᠃ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠲᠣᠭᠤᠷᠢᠭ ᠤᠨ ᠳᠠᠷᠤᠭ᠎ᠠ ᠹᠠᠨ ᡁᠢ ᠵᠥᠩ ᠬᠠᠷᠢᠭᠤ ᠮᠡᠳᠡᠭᠦᠯᠦᠯᠲᠡ | ᠳᠤᠮᠳᠠᠬᠢ ᠪᠣᠳᠠᠲᠠᠶ ᠠᠰᠠᠭᠤᠳᠠᠯ ᠳᠤ ᠴᠢᠭᠯᠡᠭᠦᠯᠦᠯᠲᠦ ᠴᠢᠨᠠᠷᠲᠠᠶ ᠵᠢᠯᠣᠭᠤᠳᠣᠯᠭ᠎ᠠ ᠥᠭᠴᠦ᠂ ᠲᠡᠷᠡ ᠵᠢᠭᠠᠵᠤ | ᠭᠠᠷᠭᠠᠭᠰᠠᠨ ᠨᠢ᠂ ᠡᠯ᠎ᠡ ᠠᠵᠤ ᠠᠬᠤᠶᠢᠯᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶ ᠮᠡᠷᠭᠡᠵᠢᠯ ᠤᠨ | ᠡᠩᠨᠡᠭᠡ ᠰᠤᠩᠭᠤᠵᠤ᠂ ᠡᠭᠦᠷᠭᠡ ᠪᠠᠨ ᠨᠠᠷᠢᠯᠢᠭᠵᠢᠭᠤᠯᠵᠤ᠂ ᠠᠵᠢᠯ ᠤᠨ ᠭᠤᠣᠯᠳᠠᠯᠭ᠎ᠠ ᠪᠣᠯᠤᠨ ᠴᠠᠭ ᠢᠶᠠᠨ | ᠲᠣᠳᠣᠷᠬᠠᠶᠢᠯᠠᠵᠤ᠂ ᠳᠡᠭᠡᠳᠦ ᠱᠠᠲᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢᠨ᠎ᠡ | ᠬᠤᠲᠠ ᠲᠣᠭᠤᠷᠢᠭ ᠤᠨ ᠣᠨᠴᠠᠯᠢᠭ ᠲᠠᠢ ᠤᠶᠠᠯᠳᠤᠭᠤᠯᠤᠨ᠂ ᠲᠦᠯᠡᠰᠢᠨ ᠨᠡᠭᠦᠷᠡᠰᠦ ᠶᠢ ᠴᠡᠪᠡᠷᠰᠢᠭᠦᠯᠬᠦ ᠠᠵᠢᠯ ᠳᠤ | ᠠᠵᠢᠯ ᠤᠨ ᠳᠠᠩᠰᠠ ᠪᠠᠶᠢᠭᠤᠯᠵᠤ᠂ ᠠᠵᠢᠯ ᠤᠨ ᠠᠬᠢᠴᠠ ᠨᠢ ᠬᠡᠷᠡᠮ ᠳᠡᠭᠡᠷ᠎ᠡ ᠭᠠᠷᠭᠠᠵᠤ᠂ ᠡᠯ᠎ᠡ ᠬᠠᠷᠢᠭᠤᠴᠠᠯᠭᠠᠲᠤ | ᠨᠢᠭᠡᠴᠡ ᠡᠭᠦᠷᠭᠡ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠲᠤ ᠪᠠᠷ ᠴᠢᠷᠮᠠᠶᠢᠵᠤ᠂ ᠰᠢᠨ᠎ᠡ ᠬᠤᠲᠠ ᠲᠣᠭᠤᠷᠢᠭ ᠤᠨ ᠲᠦᠯᠡᠰᠢᠨ | ᠨᠡᠭᠦᠷᠡᠰᠦ ᠶᠢ ᠴᠡᠪᠡᠷᠰᠢᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠦᠷ᠎ᠡ ᠪᠦᠲᠦᠮᠵᠢ ᠣᠯᠬᠤ ᠶᠢ | ᠪᠠᠲᠤᠯᠠᠬᠤ ᠬᠡᠷᠡᠭᠲᠡᠢ ᠭᠡᠪᠡ᠃ | | | | | |