ᠶᠦᠨ ᠬᠠᠢ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-30
     6 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 13 ᠳ᠋ᠤᠭᠠᠷ ᠤᠳᠠᠭᠠᠨ ᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 9 ᠳ᠋ᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ︽ᠦᠴᠤᠸᠠᠨ ᠰᠢᠶᠠᠨ ᠤ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠵᠡᠷᠭᠡ 7 ᠲᠥᠰᠦᠯ ᠢ ᠰᠣᠨᠣᠰᠴᠤ ᠬᠢᠨᠠᠨ ᠶᠠᠷᠢᠯᠴᠠᠪᠠ᠃      ᠶᠦᠨ ᠬᠠᠢ ᠴᠢᠬᠤᠯᠠᠴᠢᠯᠠᠭᠰᠠᠨ ᠨᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠠᠵᠢᠯ ᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠱᠠᠲᠤᠨ ᠤ ᠠᠵᠢᠯ ᠤᠨ ᠱᠠᠭᠠᠷᠳᠠᠯᠭ᠎ᠠ ᠶᠣᠰᠣᠭᠠᠷ ᠴᠢᠩᠭ᠎ᠠ ᠶᠠᠪᠤᠭᠳᠠᠭᠤᠯᠵᠤ᠂ ᠡᠯ᠎ᠡ ᠡᠭᠦᠷᠭᠡ ᠴᠢᠳᠠᠪᠤᠷᠢᠲᠤ ᠪᠠᠶᠢᠭᠤᠯᠤᠮᠵᠢ ᠶᠢᠨ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ︔ ᠬᠠᠤᠯᠢ ᠬᠡᠷᠡᠭᠵᠢᠭᠦᠯᠬᠦ ᠶᠠᠪᠤᠴᠠ ᠳᠤ ᠪᠡᠶᠡᠯᠡᠭᠦᠯᠦᠭᠰᠡᠨ ᠦᠭᠡᠢ ᠠᠵᠢᠯ ᠢ ᠰᠢᠯᠵᠢᠭᠦᠯᠬᠦ ᠪᠠ ᠲᠤᠰᠢᠶᠠᠬᠤ ᠪᠠ ᠬᠦᠯᠢᠶᠡᠬᠦ ᠠᠵᠢᠯ ᠢ ᠰᠠᠶᠢᠲᠤᠷ ᠬᠢᠬᠦ ᠬᠡᠷᠡᠭᠲᠡᠶ︔ ᠰᠢᠶᠠᠩ ᠪᠠᠯᠭᠠᠰᠤ ᠶᠢᠨ ᠬᠠᠤᠯᠢ ᠬᠡᠷᠡᠭᠵᠢᠭᠦᠯᠬᠦ ᠠᠵᠢᠯᠲᠠᠨ ᠢ ᠭᠦᠢᠴᠡᠳ ᠲᠣᠬᠢᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠠᠵᠢᠯᠲᠠᠨ ᠳᠤ ᠪᠣᠯᠪᠠᠰᠤᠷᠠᠭᠤᠯᠤᠯ ᠬᠢᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠰᠢᠶᠠᠩ ᠪᠠᠯᠭᠠᠰᠤ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃ ︵ᠵᠧᠦ ᠶᠠᠨ   ᠵᠧᠨ ᠶᠠᠨ ᠪᠥᠸᠧ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号