ᠬᠤᠷᠢᠨᠭᠡᠷ ᠰᠢᠶᠠᠨ ᠡᠷᠡᠭᠦᠯ ᠮᠡᠨᠳᠦ ᠪᠠᠷ ᠶᠠᠳᠠᠭᠤ ᠶᠢ ᠳᠡᠳᠬᠦᠬᠦ ᠲᠦᠷᠥ ᠶᠢᠨ ᠪᠣᠳᠣᠯᠭ᠎ᠠ ᠶᠢᠨ ᠪᠣᠯᠪᠠᠰᠣᠷᠠᠭᠤᠯᠣᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-30
     ᠶᠠᠳᠠᠭᠤ ᠬᠦᠴᠢᠷᠳᠡᠯᠲᠡᠶ ᠡᠷᠦᠬᠡ ᠶᠢᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠮᠡᠳᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠶᠢ ᠯᠠᠪᠳᠠᠭᠤᠨ ᠢᠶᠠᠷ ᠠᠬᠢᠭᠤᠯᠬᠤ ᠶᠢᠨ ᠲᠤᠰᠠᠳᠠ᠂ 6 ᠳ᠋ᠤᠭᠠᠷ ᠰᠠᠷ᠎ᠠ ᠶᠢᠨ 28 ᠤ ᠡᠳᠦᠷ᠂ ᠬᠤᠷᠢᠨᠭᠡᠷ ᠰᠢᠶᠠᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠪᠣᠯᠪᠠᠰᠣᠷᠠᠭᠤᠯᠣᠯ ᠤᠨ ᠬᠤᠷᠠᠯ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠤᠷᠠᠯ ᠤᠨ ᠬᠡᠷ ᠲᠤ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢ ᠵᠧᠩ ᠬᠤᠩ᠂ ᠰᠢᠶᠠᠨ ᠤ ᠳᠡᠳ᠋ ᠳᠠᠷᠤᠭ᠎ᠠ ᠲᠤᠶᠠᠭ᠎ᠠ ᠵᠢᠴᠢ ᠪᠥᠬᠦ ᠰᠢᠶᠠᠨ ᠤ ᠡᠯ᠎ᠡ ᠰᠢᠶᠠᠩ ᠪᠠᠯᠭᠠᠰᠤ ᠠᠴᠠ ᠢᠷᠡᠭᠰᠡᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠬᠤ ᠠᠩᠭᠢ ᠶᠢᠨ ᠭᠡᠰᠢᠭᠦᠳ ᠪᠣᠯᠪᠠᠰᠣᠷᠠᠭᠤᠯᠣᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠤᠬᠠᠭᠤᠯᠭ᠎ᠠ ᠶᠢᠨ ᠠᠵᠢᠯ ᠤᠨ ᠲᠤᠬᠠᠶ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ︔ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠠᠵᠢᠯᠲᠠᠨ ᠡᠮ ᠡᠮᠨᠡᠯᠭᠡ ᠶᠢᠨ ᠳᠠᠭᠠᠳᠬᠠᠯ ᠤᠨ ᠲᠦᠷᠥ ᠶᠢᠨ ᠪᠣᠳᠣᠯᠭ᠎ᠠ ᠶᠢᠨ ᠲᠤᠬᠠᠶ ᠨᠠᠷᠢᠯᠢᠭ ᠪᠣᠯᠪᠠᠰᠤᠷᠠᠭᠤᠯᠤᠯ ᠪᠠ ᠲᠠᠶᠢᠯᠤᠮᠵᠢ ᠬᠢᠵᠦ᠂ ᠲᠠᠷᠠᠭᠠᠴᠢ ᠶᠢᠨ ᠠᠯᠬᠤᠮ ᠳᠤ ᠠᠶᠢᠯ ᠡᠷᠦᠬᠡ ᠳᠤ ᠣᠷᠣᠵᠤ ᠤᠬᠠᠭᠤᠯᠬᠤ ᠠᠵᠢᠯ ᠬᠢᠬᠦ ᠳᠤ ᠭᠦᠢᠴᠡᠳ ᠪᠡᠯᠡᠳᠬᠡᠯ ᠬᠢᠵᠡᠶ᠃      ᠯᠢ ᠵᠧᠩ ᠬᠤᠩ ᠴᠢᠬᠤᠯᠠᠴᠢᠯᠠᠭᠰᠠᠨ ᠨᠢ᠂ ᠣᠳᠣᠬᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠨᠢᠭᠡᠨᠲᠡ ᠰᠡᠭᠦᠯ ᠬᠤᠷᠢᠶᠠᠬᠤ ᠱᠠᠲᠤᠨ ᠳᠤ ᠣᠷᠣᠵᠤ᠂ ᠡᠯ᠎ᠡ ᠰᠢᠶᠠᠩ ᠪᠠᠯᠭᠠᠰᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠬᠤ ᠠᠩᠭᠢ ᠶᠢ ᠵᠣᠬᠢᠶᠠᠨ ᠪᠠᠶᠢᠭᠤᠯᠬᠤ ᠪᠣᠯ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠣᠳᠠᠲᠠᠶᠢᠵᠢᠭᠤᠯᠤᠭᠰᠠᠨ ᠥᠬᠡᠶ  ᠳᠤ ᠠᠪᠣᠭᠰᠠᠨ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠪᠣᠯᠤᠨ᠎ᠠ᠃ ︽ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠠᠮᠢᠵᠢᠷᠠᠯ ᠤᠨ ᠬᠦᠴᠦᠨ ᠢ ᠬᠥᠭᠵᠢᠭᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠶᠠᠩ ᠪᠠᠯᠭᠠᠰᠤ᠂ ᠡᠮᠨᠡᠯᠭᠡ ᠶᠢᠨ ᠠᠵᠢᠯᠲᠠᠨ ᠪᠣᠯᠤᠨ ᠲᠣᠰᠬᠤᠨ ᠳᠤ ᠰᠠᠭᠤᠭ᠎ᠠ ᠺᠠᠳ᠋ᠷ ᠢ ᠨᠢᠭᠲᠠ ᠬᠤᠯᠪᠣᠵᠤ᠂ ᠶᠠᠷᠢᠯᠴᠠᠬᠤ᠂ ᠡᠷᠦᠬᠡ ᠳᠤ ᠣᠷᠣᠭᠤᠯᠬᠤ᠂ ᠨᠢᠭᠡᠳᠦᠭᠡᠷ ᠹᠷᠣᠨᠲ ᠤᠨ ᠠᠵᠢᠯ ᠤᠨ ᠬᠠᠤᠯᠢ ᠶᠢ ᠨᠠᠶᠢᠳᠠᠪᠤᠷᠢᠵᠢᠭᠤᠯᠬᠤ ᠵᠡᠷᠭᠡ ᠣᠯᠠᠨ ᠶᠠᠩᠵᠤ ᠶᠢᠨ ᠬᠡᠯᠪᠡᠷᠢ ᠪᠠᠷ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠶᠠᠳᠠᠭᠤ ᠬᠦᠴᠢᠷᠳᠡᠯᠲᠡᠶ ᠡᠷᠦᠬᠡ ᠳᠤ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ︔ ᠤᠬᠠᠭᠤᠯᠬᠤ ᠠᠩᠭᠢ ᠶᠢᠨ ᠭᠡᠰᠢᠭᠦᠳ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠡᠵᠡᠮᠰᠢᠬᠦ ᠶᠢᠨ ᠬᠠᠮᠲᠤ ︽ᠵᠣᠭᠤᠭᠳᠠᠬᠤ︾ ᠠᠷᠭ᠎ᠠ ᠪᠠᠷ ᠶᠠᠳᠠᠭᠤ ᠬᠦᠴᠢᠷᠳᠡᠯᠲᠡᠶ ᠡᠷᠦᠬᠡ ᠳᠤ ᠲᠣᠳᠣᠷᠬᠠᠶ ᠲᠠᠶᠢᠯᠪᠤᠷᠢᠯᠠᠵᠤ ᠥᠭᠬᠦ ᠬᠡᠷᠡᠭᠲᠡᠶ︔ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠠᠵᠢᠯᠯᠠᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠠᠮᠢᠵᠢᠷᠠᠯ ᠤᠨ ᠬᠦᠴᠦᠨ ᠪᠣᠯᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ ᠭᠡᠪᠡ᠃      ᠲᠤᠶᠠᠭ᠎ᠠ ᠵᠢᠭᠠᠵᠤ ᠭᠠᠷᠭᠠᠭᠰᠠᠨ ᠨᠢ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠵᠦ ᠂ ᠲᠠᠨᠢᠯᠲᠠ ᠪᠠᠨ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠪᠠᠨ ᠡᠷᠴᠢᠮ ᠲᠠᠢ ᠪᠠᠶᠢᠯᠭᠠᠵᠤ᠂ ᠦᠷ᠎ᠡ ᠪᠦᠲᠦᠮᠵᠢ ᠪᠠᠨ ᠮᠡᠳᠡᠭᠳᠡᠬᠦ᠋ᠢᠴᠡ ᠪᠠᠶᠢᠯᠭᠠᠬᠤ ᠬᠡᠷᠡᠭᠲᠡᠶ᠃ ᠶᠠᠳᠠᠭᠤ ᠬᠦᠴᠢᠷᠳᠡᠯᠲᠡᠶ ᠡᠷᠦᠬᠡ ᠶᠢᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠮᠡᠳᠡᠬᠦ ᠨᠣᠷᠮ᠎ᠠ ᠳᠣᠤᠷ᠎ᠠ ᠪᠠᠶᠢᠬᠤ ᠪᠣᠯ ᠣᠳᠣᠬᠠᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠶᠢᠨ ᠳᠤᠲᠠᠭᠤᠳᠠᠯ ᠪᠣᠯᠤᠨ᠎ᠠ᠂ ᠡᠭᠦᠨ ᠳᠤ ᠠᠵᠢᠯᠯᠠᠬᠤ ᠠᠩᠭᠢ ᠨᠢ ᠣᠪᠣᠷ ᠢᠶᠠᠨ ᠲᠥᠪ ᠪᠣᠯᠭᠠᠵᠤ᠂ ᠦᠨᠡᠨᠬᠦ ᠬᠦᠴᠦ ᠣᠷᠣᠭᠤᠯᠵᠤ᠂ ᠴᠠᠭ ᠮᠥᠴᠡ ᠶᠢ  ᠲᠡᠮᠡᠴᠡᠨ ᠵᠠᠪᠠᠯ ᠳᠤᠲᠠᠭᠤᠳᠠᠯ ᠢᠶᠠᠨ ᠨᠥᠬᠦᠪᠥᠷᠢᠯᠡᠬᠦ ᠪᠠᠷ ᠴᠢᠷᠮᠠᠶᠢᠬᠤ ᠬᠡᠷᠡᠭᠲᠡᠶ︔ ᠶᠠᠳᠠᠭᠤ ᠬᠦᠴᠢᠷᠳᠡᠯᠲᠡᠶ ᠡᠷᠦᠬᠡ ᠶᠢᠨ ᠪᠠᠶᠢᠳᠠᠯ ᠪᠦᠷ ᠣᠨᠳᠣᠣ ᠪᠠᠶᠢᠳᠠᠭ ᠠᠴᠠ ᠲᠤᠰ ᠲᠤᠰ ᠤᠨ ᠬᠢᠨ ᠪᠠᠶᠢᠳᠠᠯ ᠳᠤ ᠲᠣᠬᠢᠷᠠᠭᠤᠯᠤᠨ ᠠᠷᠭ᠎ᠠ ᠬᠡᠮᠵᠢᠶ᠎ᠡ ᠠᠪᠴᠤ᠂ ᠡᠷᠬᠡᠪᠰᠢ ᠲᠣᠰ ᠤᠳᠠᠭᠠᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ ᠶᠢᠨ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号