ᠵᠠᠩ ᠪᠠᠢ ᠴᠧᠩ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ  ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020-06-30
      ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 6 ᠳ᠋ᠤᠭᠠᠷ ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠠᠵᠢᠯ ᠤᠨ ᠲᠣᠬᠢᠷᠠᠭᠤᠯᠤᠯᠲᠠ ᠬᠢᠪᠡ᠃       ᠬᠤᠷᠠᠯ ᠠᠴᠠ ᠪᠦᠬᠦ ᠬᠤᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠠ ᠶᠢᠨ ᠪᠠᠶᠢᠳᠠᠯ᠂ 2020 ᠣᠨ ᠤ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠬᠥᠷᠥᠰᠥ ᠰᠢᠷᠤᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ 53 ᠭᠤᠣᠯᠳᠠᠯᠭ᠎ᠠ ᠲᠠᠢ ᠡᠭᠦᠷᠭᠡ ᠶᠢ ᠨᠢᠭᠡ ᠨᠢᠭᠡ ᠪᠠᠷ ᠡᠮᠬᠢᠯᠡᠵᠦ᠂ ᠠᠵᠢᠯ ᠤᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠨ᠂ ᠠᠰᠠᠭᠤᠳᠠᠯ ᠢ ᠰᠢᠢᠳᠪᠦᠷᠢᠯᠡᠬᠦ ᠠᠷᠭ᠎ᠠ᠂ ᠲᠦᠯᠬᠢᠨ ᠠᠬᠢᠭᠤᠯᠬᠤ ᠠᠷᠭ᠎ᠠ ᠬᠡᠮᠵᠢᠶ᠎ᠡ ᠶᠢ ᠳᠤᠷᠠᠳᠤᠨ᠂ ᠳᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠪᠡ᠃      ᠵᠠᠩ ᠪᠠᠢ ᠴᠧᠩ ᠵᠢᠭᠠᠭᠰᠠᠨ ᠨᠢ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠨᠢ ᠠᠵᠤ ᠠᠬᠤᠢ ᠶᠢᠨ ᠬᠥᠭᠵᠢᠯᠲᠡ ᠶᠢᠨ ᠡᠭᠦᠷᠭᠡ ᠪᠣᠯᠬᠤ ᠪᠠᠷ ᠪᠠᠷᠠᠬᠤ ᠦᠭᠡᠢ᠂ ᠨᠡᠩ ᠴᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭᠠᠨ ᠳᠡᠭᠡᠷ᠎ᠡ ᠪᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯᠯᠠᠭ᠎ᠠ ᠳᠡᠭᠡᠷ᠎ᠡ ᠪᠠᠨ ᠴᠢᠩᠭ᠎ᠠ ᠨᠠᠶᠢᠳᠠᠪᠤᠷᠢᠵᠢᠭᠤᠯᠤᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠪᠡ᠃      ᠵᠠᠩ ᠪᠠᠢ ᠴᠧᠩ ᠴᠢᠬᠤᠯᠠᠴᠢᠯᠠᠭᠰᠠᠨ ᠨᠢ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠪᠣᠯ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠬᠤᠯᠠ ᠠᠴᠠ ᠴᠢᠬᠤᠯᠠ ᠠᠵᠢᠯ ᠪᠣᠯᠣᠨ᠎ᠠ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠳ ᠰᠢᠲᠠᠭᠠᠬᠤ ᠶᠢ ᠴᠠᠭᠠᠵᠠᠯᠠᠬᠤ ᠣᠷᠣᠨ ᠤ ᠡᠯ᠎ᠡ ᠵᠦᠢᠯ ᠤᠨ ᠡᠭᠦᠷᠭᠡ ᠶᠢ ᠨᠠᠷᠢᠯᠢᠭ ᠰᠠᠶᠢᠬᠠᠨ ᠨᠠᠶᠢᠳᠠᠪᠤᠷᠢᠵᠢᠭᠤᠯᠵᠤ᠂ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠠᠵᠢᠯ ᠢᠶᠠᠨ ᠰᠠᠶᠢᠳᠤᠷ ᠵᠤᠯᠭᠠᠭᠤᠯᠵᠤ᠂ ᠲᠤᠭ᠎ᠠ ᠪᠠᠷᠢᠮᠲᠠ ᠨᠢᠭᠡᠪᠦᠷᠢ ᠶᠢ ᠨᠠᠶᠢᠳᠠᠪᠤᠷᠢᠵᠢᠭᠤᠯᠤᠨ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠴᠠᠭ ᠮᠥᠴᠡ  ᠲᠠᠢ ᠣᠷᠣᠯᠳᠤᠨ᠂ ᠵᠢᠷᠤᠭ ᠡᠯᠭᠦᠨ ᠪᠠᠶᠢᠯᠳᠤᠭᠠᠨ ᠬᠢᠵᠦ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠤᠷᠤᠭᠰᠢ ᠲᠦᠯᠬᠢᠵᠦ᠂ ᠲᠥᠪ ᠬᠤᠲᠠ ᠶᠢᠨ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠪᠢ ᠭᠥᠸᠧ ᠴᠧᠨ᠂ ᠵᠸᠦ ᠴᠢᠶᠠᠩ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号