ᠵᠠᠩ ᠪᠠᠢ ᠴᠧᠩ ᠠᠬᠠᠮᠠᠳ ᠨᠠᠮ ᠤᠨ ᠭᠡᠰᠢᠭᠦᠨ ᠪᠠ ᠡᠮᠨᠡᠯᠭᠡ ᠶᠢᠨ ᠨᠠᠮ ᠤᠨ ᠭᠡᠰᠢᠭᠦᠨ ᠤ ᠲᠥᠯᠥᠭᠡᠯᠡᠭᠴᠢ ᠶᠢ ᠡᠷᠭᠢᠨ ᠦᠵᠡᠵᠦ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2020-06-30
       ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠣᠢ ᠶᠢᠨ ᠲᠠᠰᠢᠷᠠᠮ ᠢᠶᠠᠷ᠂ 6 ᠳ᠋ᠤᠭᠠᠷ ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠡᠰᠡᠭ ᠠᠬᠠᠮᠠᠳ ᠨᠠᠮ ᠤᠨ ᠭᠡᠰᠢᠭᠦᠨ ᠪᠠ ᠡᠮᠨᠡᠯᠭᠡ ᠶᠢᠨ ᠬᠤᠷᠢᠶ᠎ᠠ ᠶᠢᠨ ᠨᠠᠮ ᠤᠨ ᠭᠡᠰᠢᠭᠦᠨ ᠤ ᠲᠥᠯᠥᠭᠡᠯᠡᠭᠴᠢ ᠶᠢ ᠡᠷᠭᠢᠨ ᠦᠵᠡᠵᠦ ᠪᠣᠯᠭᠤᠭᠠᠨ ᠲᠣᠬᠤᠨᠢᠭᠤᠯᠤᠨ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠬᠠᠮᠤᠭ ᠤᠨ ᠳᠡᠭᠡᠳᠦ ᠬᠦᠨᠳᠦᠳᠬᠡᠯ ᠳᠡᠪᠰᠢᠭᠦᠯᠪᠡ᠃      ᠠᠬᠠᠮᠠᠳ ᠨᠠᠮ ᠤᠨ ᠭᠡᠰᠢᠭᠦᠨ ᠢ ᠬᠢᠵᠠᠭᠠᠯᠠᠰᠢ ᠦᠭᠡᠢ ᠪᠢᠰᠢᠷᠡᠨ ᠬᠦᠨᠳᠦᠳᠭᠡᠬᠦ ᠪᠠ ᠭᠦᠨ ᠬᠠᠯᠠᠮᠵᠢᠯᠠᠬᠤ ᠰᠡᠳᠬᠢᠯᠭᠡ ᠶᠢ ᠡᠪᠦᠷᠯᠡᠨ᠂ ᠵᠠᠩ ᠪᠠᠢ ᠴᠧᠩ ᠡᠩ ᠲᠡᠷᠢᠭᠦᠨ ᠳᠤ 94 ᠨᠠᠰᠤᠲᠠᠢ ᠠᠬᠠᠮᠠᠳ ᠨᠠᠮ ᠤᠨ ᠭᠡᠰᠢᠭᠦᠨ ᠦ᠋ ᠭᠦᠢ ᠵᠧᠨ ᠨᠥᠬᠦᠷ ᠢ ᠡᠷᠭᠢᠨ ᠦᠵᠡᠵᠦ᠂ ᠨᠠᠰᠤᠲᠠᠨ ᠤ ᠭᠠᠷ ᠢ ᠴᠢᠩᠭ᠎ᠠ ᠠᠳᠬᠤᠨ ᠪᠡᠶ᠎ᠡ ᠶᠢᠨ ᠬᠢᠨᠢ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠨᠢ ᠨᠠᠷᠢᠨ ᠠᠰᠠᠭᠤᠨ ᠯᠠᠪᠯᠠᠵᠤ᠂ ᠨᠠᠰᠤᠲᠠᠨ ᠤ ᠳᠥᠷᠪᠡᠨ ᠦᠶ᠎ᠡ ᠪᠠᠷ ᠢᠶᠠᠨ ᠬᠠᠮᠲᠤ ᠠᠮᠢᠳᠤᠷᠠᠵᠤ᠂ ᠵᠣᠯ ᠵᠢᠷᠭᠠᠯᠲᠠᠢ᠂ ᠴᠤᠭ ᠰᠦᠯᠳᠡ ᠲᠠᠢ᠂ ᠤᠬᠠᠭᠠᠨ ᠰᠠᠷᠠᠭᠤᠯ ᠪᠠᠶᠢᠬᠤ ᠶᠢ ᠦᠵᠡᠭᠡᠳ ᠵᠠᠩ ᠪᠠᠢ ᠴᠧᠩ ᠲᠤᠶᠢᠯ ᠢᠶᠠᠷ ᠪᠠᠶᠠᠷᠯᠠᠪᠠ᠃ ᠲᠡᠷᠡ ᠬᠡᠯᠡᠬᠦ ᠳᠡᠭᠡᠨ᠂ ᠠᠬᠠᠮᠠᠳ ᠨᠠᠮ ᠤᠨ ᠭᠡᠰᠢᠭᠦᠳ ᠨᠠᠮ ᠪᠠ ᠤᠯᠤᠰ ᠤᠨ ᠪᠦᠲᠦᠭᠡᠨ ᠪᠠᠶᠢᠭᠤᠯᠤᠯᠲᠠ ᠳᠤ ᠭᠤᠶᠠᠴᠢ ᠦᠭᠡᠢ ᠵᠢᠳᠬᠦᠨ᠂ ᠪᠢᠳᠠᠨ ᠤ ᠰᠤᠷᠤᠯᠴᠠᠬᠤ ᠳᠠᠭᠤᠷᠢᠶᠠᠯ ᠮᠦᠨ᠂ ᠪᠢᠳᠠᠨ ᠯᠠᠪᠲᠠᠶᠢᠶ᠎ᠠ ᠠᠬᠠᠮᠠᠳ ᠨᠢᠭᠡ ᠦᠶ᠎ᠡ ᠶᠢᠨ ᠨᠠᠮ ᠤᠨ ᠭᠡᠰᠢᠭᠦᠨ ᠨᠥᠬᠦᠳ ᠤᠨ ᠲᠡᠮᠡᠴᠡᠨ ᠣᠯᠣᠭᠰᠠᠨ ᠰᠠᠭᠤᠷᠢᠨ ᠳᠡᠭᠡᠷ᠎ᠡ ᠦᠷᠭᠦᠯᠵᠢᠯᠡᠨ ᠤᠯᠠᠮᠵᠢᠯᠠᠨ ᠵᠠᠯᠭᠠᠮᠵᠢᠯᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠥᠪ ᠬᠤᠲᠠ ᠶᠢᠨ ᠢᠷᠡᠭᠡᠳᠦᠢ ᠶᠢ ᠨᠡᠩ ᠰᠠᠶᠢᠨ ᠰᠠᠶᠢᠬᠠᠨ᠂ ᠠᠷᠠᠳ ᠲᠦᠮᠡᠨ ᠤ ᠠᠵᠤ ᠠᠮᠢᠳᠤᠷᠠᠯ ᠢ ᠨᠡᠩ ᠰᠠᠶᠢᠨ ᠪᠣᠯᠭᠠᠬᠤ ᠪᠠᠷ ᠴᠢᠷᠮᠠᠶᠢᠨ᠎ᠠ ᠭᠡᠵᠡᠢ᠃      ᠡᠨᠡ ᠵᠢᠯ 90 ᠨᠠᠰᠤᠲᠠᠢ ᠸᠠᠩ ᠳ᠋ᠧ ᠱᠧᠩ ᠪᠣᠯ 1951 ᠣᠨ ᠳᠤ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠢ ᠳᠠᠭᠠᠵᠤ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ  ᠳᠠᠶᠢᠨ ᠳᠤ ᠣᠷᠣᠯᠴᠠᠭᠰᠠᠨ ᠢᠨᠵᠧᠨᠧᠷᠢᠩ ᠤᠨ ᠴᠡᠷᠢᠭ ᠪᠣᠯᠣᠨ᠎ᠠ᠂ 1955 ᠣᠨ ᠳᠤ ᠴᠡᠷᠢᠭ ᠠᠴᠠ ᠬᠠᠯᠠᠭᠳᠠᠨ ᠥᠪᠥᠷ ᠮᠣᠩᠭᠤᠯ ᠤᠨ ᠬᠤᠶᠠᠳᠤᠭᠠᠷ ᠪᠠᠷᠢᠯᠭ᠎ᠠ ᠶᠢᠨ ᠲᠣᠨᠣᠭᠯᠠᠯᠲᠠ ᠶᠢᠨ ᠺᠣᠮᠫᠠᠨᠢ ᠳᠤ ᠠᠵᠢᠯᠯᠠᠵᠤ᠂ 1958 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠃ ᠵᠠᠩ ᠪᠠᠢ ᠴᠧᠩ ᠸᠠᠩ ᠳ᠋ᠧ ᠱᠧᠩ ᠤᠨ ᠭᠡᠷ ᠲᠤ ᠢᠷᠡᠵᠦ ᠂ ᠨᠠᠰᠤᠲᠠᠨ ᠲᠠᠢ ᠲᠤᠳᠤᠨᠤ ᠪᠠᠷ ᠶᠠᠷᠢᠯᠴᠠᠨ᠂ ᠨᠠᠰᠤᠲᠠᠨ ᠤ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠭᠰᠠᠨ ᠦᠯᠢᠭᠡᠷ ᠢᠶᠠᠨ ᠡᠷᠭᠢᠴᠡᠭᠦᠯᠬᠦ ᠶᠢ ᠨᠢ ᠰᠣᠨᠣᠰᠪᠠ᠃ ᠵᠠᠩ ᠪᠠᠢ ᠴᠧᠩ ᠬᠡᠯᠡᠬᠦ ᠳᠡᠭᠡᠨ᠂ ᠶᠠᠭ ᠠᠬᠠᠮᠠᠳ ᠬᠤᠪᠢᠰᠬᠠᠯᠴᠢᠳ ᠤᠨ ᠦᠷᠡᠭᠳᠡᠬᠦ ᠠᠴᠠ ᠠᠶᠤᠬᠤ ᠦᠭᠡᠢ ᠡᠷᠡᠮᠡᠬᠡᠢ ᠵᠣᠷᠢᠭ ᠰᠠᠨᠠᠭ᠎ᠠ ᠪᠠᠶᠢᠭᠰᠠᠨ ᠠᠴᠠ ᠰᠠᠶ᠋ᠢ  ᠪᠢᠳᠠᠨ ᠤ ᠦᠨᠦᠳᠦᠷ ᠤᠨ ᠬᠥᠭᠵᠢᠯᠲᠡ ᠶᠢᠨ ᠠᠮᠵᠢᠯᠲᠠ ᠪᠠ ᠵᠣᠯ ᠵᠢᠷᠭᠠᠯᠲᠤ ᠠᠮᠢᠳᠤᠷᠠᠯ ᠢ ᠠᠪᠴᠢᠷᠠᠭᠰᠠᠨ ᠶᠤᠮ ᠭᠡᠵᠦ᠂ ᠨᠠᠰᠤᠲᠠᠨ ᠢ ᠪᠡᠶ᠎ᠡ ᠪᠠᠨ ᠢᠯᠡᠭᠦᠬᠡᠨ ᠬᠢᠴᠢᠶᠡᠵᠦ᠂ ᠠᠮᠢᠳᠤᠷᠠᠯ ᠳᠤᠮᠳᠠ ᠶᠠᠮᠠᠷ ᠬᠦᠴᠢᠷᠳᠡᠯ ᠪᠠᠶᠢᠪᠠᠯ ᠴᠠᠭ ᠲᠤᠬᠠᠢ ᠳᠤᠨᠢ ᠵᠣᠬᠢᠶᠠᠨ ᠪᠠᠶᠢᠭᠤᠯᠤᠯᠲᠠ ᠳᠤ ᠮᠡᠳᠡᠭᠳᠡᠬᠦ ᠶᠢ ᠬᠦᠰᠡᠵᠡᠢ᠃ ᠵᠠᠩ ᠪᠠᠢ ᠴᠧᠩ ᠲᠣᠬᠤᠨᠢᠭᠤᠯᠭ᠎ᠠ ᠶᠢᠨ ᠮᠥᠩᠭᠦ ᠶᠢ ᠨᠠᠰᠤᠲᠠᠨ ᠳᠤ ᠭᠠᠷᠳᠠᠭᠤᠯᠬᠤ ᠳᠤ᠂ ᠨᠠᠰᠤᠲᠠᠨ ᠨᠠᠮ ᠤᠨ ᠬᠠᠶᠢᠷ᠎ᠠ  ᠬᠠᠯᠠᠮᠵᠢ ᠪᠠ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠳᠤ ᠲᠤᠶᠢᠯ ᠢᠶᠠᠷ ᠲᠠᠯᠠᠷᠬᠠᠵᠤ᠂ ᠴᠡᠴᠡᠷᠬᠢᠯᠡᠭᠰᠡᠨ ᠭᠠᠷ ᠢᠶᠠᠨ ᠡᠷᠭᠦᠨ ᠬᠠᠷᠢᠭᠤ ᠴᠡᠷᠢᠭ ᠤᠨ ᠶᠣᠰᠣ ᠬᠢᠬᠦ ᠳᠡᠭᠡᠨ ᠰᠡᠳᠬᠢᠯ ᠲᠤᠭᠳᠤᠯᠤᠨ ᠨᠢᠯᠪᠤᠰᠤ ᠤᠨᠠᠭᠠᠵᠠᠢ᠃ ᠵᠠᠩ ᠪᠠᠢ ᠴᠧᠩ ᠠᠵᠢᠯᠲᠠᠳ ᠲᠠᠭᠠᠨ ᠠᠬᠠᠮᠠᠳ ᠨᠠᠮ ᠤᠨ ᠭᠡᠰᠢᠭᠦᠳ ᠢ ᠨᠡᠩ ᠢᠯᠡᠭᠦᠦ ᠬᠠᠯᠠᠮᠵᠢᠯᠠᠵᠤ᠂ ᠲᠡᠳᠡᠨ ᠳᠤ ᠨᠡᠩ ᠳᠣᠲᠣᠨᠣ ᠨᠡᠩ ᠨᠠᠷᠢᠯᠢᠭ ᠦᠢᠯᠡᠴᠢᠯᠡᠭᠡ ᠬᠠᠩᠭᠠᠵᠤ᠂ ᠲᠡᠳᠡᠨ ᠢ ᠬᠠᠪᠰᠤᠷᠤᠨ ᠠᠮᠢᠳᠤᠷᠠᠯ᠂ ᠡᠮᠴᠢᠯᠡᠭᠡ ᠵᠡᠷᠭᠡ ᠲᠠᠯ᠎ᠠ ᠳᠤ ᠲᠤᠯᠭᠠᠷᠠᠭᠰᠠᠨ ᠬᠦᠴᠢᠷᠳᠡᠯ ᠢ ᠨᠢ ᠰᠢᠢᠳᠪᠦᠷᠢᠯᠡᠵᠦ᠂ ᠲᠡᠳᠡᠨ ᠤ ᠥᠲᠡᠯᠦᠭᠡ ᠨᠠᠰᠤ ᠶᠢ ᠨᠢ ᠵᠣᠯ ᠵᠢᠷᠭᠠᠯᠲᠠᠢ ᠦᠩᠭᠡᠷᠡᠭᠦᠯᠬᠦ ᠶᠢ ᠰᠠᠨᠠᠭᠤᠯᠵᠠᠢ᠃      ᠳᠠᠷᠠᠭ᠎ᠠ ᠨᠢ᠂ ᠵᠠᠩ ᠪᠠᠢ ᠴᠧᠩ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶᠠᠨ ᠳᠤ ᠬᠦᠷᠴᠦ᠂ ᠡᠮᠨᠡᠯᠭᠡ ᠶᠢᠨ ᠬᠤᠷᠢᠶ᠎ᠠ ᠶᠢᠨ ᠨᠠᠮ ᠤᠨ ᠭᠡᠰᠢᠭᠦᠨ ᠤ ᠲᠥᠯᠥᠭᠡᠯᠡᠭᠴᠢᠳ ᠢ ᠡᠷᠭᠢᠨ ᠦᠵᠡᠵᠦ ᠪᠣᠯᠭᠤᠭᠠᠨ ᠲᠣᠬᠤᠨᠢᠭᠤᠯᠵᠤ᠂ ᠲᠡᠳᠡᠨ ᠳᠤ ᠰᠣᠷᠭᠤᠭ ᠴᠡᠴᠡᠭ ᠬᠦᠷᠭᠡᠨ᠂ ᠣᠯᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠭᠠᠷᠭᠠᠭᠰᠠᠨ ᠰᠢᠷᠭᠠᠭᠤ ᠬᠥᠳᠡᠯᠮᠦᠷᠢ ᠳᠤ ᠲᠠᠯᠠᠷᠬᠠᠯ ᠢᠶᠠᠨ ᠳᠡᠪᠰᠢᠭᠦᠯᠪᠡ᠃ ᠵᠠᠩ ᠪᠠᠢ ᠴᠧᠩ  ᠬᠡᠯᠡᠬᠦ ᠳᠡᠭᠡᠨ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠨᠢ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠪᠣᠯᠣᠭᠰᠠᠨ ᠤ ᠬᠤᠪᠢ ᠳᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠮᠥᠷᠲᠡᠭᠡᠨ ᠰᠠᠶᠢᠨ ᠠᠮᠵᠢᠯᠲᠠ ᠣᠯᠪᠠ ᠭᠡᠵᠦ᠂ ᠥᠷᠭᠡᠨ ᠣᠯᠠᠨ ᠡᠮᠴᠢ ᠰᠤᠪᠢᠯᠠᠭᠴᠢ ᠨᠠᠷ ᠬᠤᠵᠢᠮ ᠤᠨ ᠬᠡᠪᠰᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠦᠷᠭᠦᠯᠵᠢᠯᠡᠨ ᠤᠤᠯ ᠤᠨ ᠬᠢ ᠲᠠᠢ ᠪᠠᠨ ᠠᠳᠠᠯᠢᠬᠠᠨ ᠳᠠᠶᠢᠴᠢᠨ ᠵᠣᠷᠢᠭ ᠢᠶᠠᠨ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠶᠢ ᠬᠦᠰᠡᠵᠡᠢ᠃      ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠪᠣᠯᠭᠤᠭᠠᠨ ᠲᠣᠬᠤᠨᠢᠭᠤᠯᠬᠤ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号